2025·ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 16
ᠨᠡᠶᠢᠲᠡᠯᠡᠭᠰᠡᠨ ᠴᠠᠭ᠄
2025/2/12
       16. ᠲᠦᠮᠡᠨ ᠭᠠᠵᠠᠷ ᠤᠨ ᠴᠠᠶ ᠶᠢᠨ ᠵᠠᠮ᠄ ᠡᠷᠲᠡᠨ ᠤ ᠳᠤᠮᠳᠠᠳᠤ ᠤᠯᠤᠰ᠂ ᠮᠣᠩᠭᠤᠯ᠂ ᠣᠷᠣᠰ ᠤᠨ ᠬᠤᠭᠤᠷᠣᠨᠳᠣ ᠴᠠᠶ ᠪᠠᠷ ᠪᠡᠯᠡᠨ ᠲᠠᠸᠠᠷ ᠪᠤᠯᠭᠠᠭᠰᠠᠨ ᠬᠤᠯᠠ ᠵᠠᠶ ᠶᠢᠨ ᠠᠷᠠᠯᠵᠢᠶᠠᠨ ᠤ ᠵᠠᠮ ᠱᠤᠭᠤᠮ ᠢ ᠵᠢᠭᠠᠵᠤ᠂ ᠲᠣᠷᠭᠠᠨ ᠵᠠᠮ ᠳᠣᠷᠦ᠋ᠢᠳᠠᠭᠰᠠᠨ ᠤ ᠳᠠᠷᠠᠭ᠎ᠠ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠳᠤ ᠪᠣᠢ ᠪᠣᠯᠤᠭᠰᠠᠨ ᠪᠠᠰᠠ ᠨᠢᠭᠡᠨ ᠴᠢᠬᠤᠯᠠ ᠣᠯᠠᠨ ᠤᠯᠤᠰ ᠤᠨ ᠬᠤᠳᠠᠯᠳᠤᠭᠠᠨ ᠤ ᠵᠠᠮ ᠪᠣᠯᠤᠨ᠎ᠠ᠃        17. ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠬᠡᠷᠡᠭᠵᠢᠭᠦᠯᠦᠭᠰᠡᠨ ︽ᠰᠤᠷᠭᠠᠨ ᠬᠥᠮᠦᠵᠢᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠡᠮ ᠡᠮᠨᠡᠯᠭᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢᠯᠡᠰ ᠤᠨ ᠬᠠᠮᠲᠤᠷᠠᠯᠴᠠᠭ᠎ᠠ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠵᠢᠭᠠᠨ᠎ᠠ᠃        18. ︽ᠳᠠᠯᠳᠠᠭᠤᠷ︾ ᠰᠠᠨᠠᠯ ᠬᠤᠷᠢᠶᠠᠬᠤ ᠲᠣᠭᠲᠠᠴᠠ᠄ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠦᠨᠡᠯᠡᠬᠦ ᠡᠲᠡᠭᠡᠳ ᠤᠨ ᠮᠡᠳᠡᠬᠦ ᠥᠬᠡᠶ ᠪᠠᠶᠢᠳᠠᠯ ᠳᠤᠤᠷ᠎ᠠ᠂ ᠺᠠᠳ᠋ᠷ ᠬᠢᠭᠡᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠷᠢᠯᠴᠠᠬᠤ ᠶᠠᠪᠤᠴᠠ ᠳᠠᠬᠢ ᠦᠢᠯᠡᠴᠢᠯᠡᠬᠦ ᠣᠪᠣᠷ᠂ ᠠᠵᠢᠯ ᠤᠨ ᠦᠷ᠎ᠡ ᠪᠦᠲᠦᠮᠵᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠵᠡᠷᠭᠡ ᠳᠤ ᠨᠡᠷ᠎ᠡ ᠲᠡᠮᠳᠡᠭᠯᠡᠬᠦ ᠥᠬᠡᠶ ᠦᠨᠡᠯᠡᠯᠲᠡ ᠬᠢᠬᠦ ᠶᠢ ᠵᠢᠭᠠᠨ᠎ᠠ᠃        19. ᠮᠢᠩᠭᠠᠨ ᠰᠢᠶᠠᠩ ᠲᠦᠮᠡᠨ ᠲᠣᠰᠬᠤᠨ ᠤ ᠰᠠᠯᠬᠢᠨ ᠢ ᠡᠷᠬᠡᠰᠢᠶᠡᠬᠦ ᠠᠵᠢᠯᠯᠠᠭᠠᠨ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ᠪᠠ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠬᠠᠮᠲᠤᠷᠠᠨ ᠡᠭᠦᠰᠭᠡᠭᠰᠡᠨ ᠨᠢᠭᠡ ᠵᠦᠢᠯ ᠤᠨ ᠠᠵᠢᠯᠯᠠᠭᠠᠨ ᠢ ᠵᠢᠭᠠᠵᠤ ᠪᠣᠶ᠂ ᠬᠥᠳᠡᠭᠡ ᠲᠣᠰᠬᠤᠨ ᠤ ᠭᠠᠵᠠᠷ ᠣᠷᠣᠨ ᠤ ᠰᠠᠯᠬᠢᠨ ᠤ ᠴᠠᠬᠢᠯᠭᠠᠨ ᠢ ᠬᠦᠭᠵᠢᠬᠦᠯᠦᠨ ᠠᠰᠢᠭᠯᠠᠬᠤ ᠶᠢ ᠠᠬᠢᠭᠤᠯᠬᠤ ᠶᠢᠨ ᠲᠥᠯᠥᠭᠡ ᠶᠤᠮ᠃        20. ︽ᠲᠠᠷᠢᠶᠠᠯᠠᠬᠤ ᠮᠠᠯᠵᠢᠬᠤ ᠰᠢᠭᠤᠶᠢᠲᠤ ᠬᠤᠲᠠ ᠬᠢᠯᠢ ᠬᠦᠷᠢᠶᠡᠯᠡᠩ︾ ᠵᠢᠷᠭᠤᠭᠠᠨ ᠲᠣᠭᠤᠷᠢᠭ᠄ ᠪᠦᠬᠦ ᠬᠤᠲᠠ ᠶᠢᠨ ᠣᠷᠣᠨ ᠪᠦᠰᠡ ᠶᠢᠨ ᠬᠥᠭᠵᠢᠯᠲᠡ ᠶᠢᠨ ᠠᠬᠢᠴᠠ ᠳᠤᠮᠳᠠ᠂ ᠡᠯ᠎ᠡ ᠭᠠᠵᠠᠷ ᠤᠨ ᠡᠬᠢ ᠪᠠᠶᠠᠯᠢᠭ ᠤᠨ ᠤᠤᠷ ᠰᠤᠷᠪᠤᠯᠵᠢ ᠪᠠ ᠣᠷᠣᠨ ᠪᠠᠶᠢᠷᠢ ᠶᠢᠨ ᠣᠨᠴᠠᠯᠢᠭ ᠢ ᠦᠨᠳᠦᠰᠦᠯᠡᠨ᠂ ᠪᠦᠬᠦ ᠬᠤᠲᠠ ᠶᠢ ᠲᠠᠷᠢᠶᠠᠯᠠᠬᠤ ᠣᠷᠣᠨ᠂ ᠮᠠᠯᠵᠢᠬᠤ ᠣᠷᠣᠨ᠂ ᠰᠢᠭᠤᠶᠢᠲᠤ ᠣᠷᠣᠨ᠂ ᠬᠤᠲᠠ ᠲᠣᠭᠤᠷᠢᠭ᠂ ᠬᠢᠯᠢ ᠬᠢᠵᠠᠭᠠᠷ ᠣᠷᠣᠨ ᠪᠠ ᠬᠦᠷᠢᠶᠡᠯᠡᠩ ᠲᠣᠭᠤᠷᠢᠭ ᠵᠡᠷᠭᠡ ᠵᠢᠷᠭᠤᠭᠠᠨ ᠣᠷᠣᠨ ᠪᠦᠰᠡ ᠪᠣᠯᠭᠠᠨ ᠬᠤᠪᠢᠶᠠᠬᠤ ᠶᠢ ᠵᠢᠭᠠᠨ᠎ᠠ᠃        21. ᠰᠢᠭᠤᠳ ᠬᠤᠷᠰᠢᠯᠴᠠᠬᠤ ᠠᠵᠤ ᠠᠬᠤᠶ᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠶ ᠶᠢᠨ ᠬᠥᠭᠵᠢᠯᠲᠡ ᠵᠥᠷᠢᠶ᠎ᠡ ᠲᠠᠢ ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ᠂ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠡᠭᠡᠭᠡᠯᠲᠡ ᠶᠢᠨ ᠲᠣᠭᠤᠷᠢᠭ ᠢᠶᠠᠷ ᠭᠤᠤᠯ ᠠᠴᠢᠶᠠᠯᠠᠪᠤᠷᠢ ᠪᠣᠯᠭᠠᠨ᠂ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠠᠮᠲᠤᠷᠠᠯᠴᠠᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠢ ᠬᠠᠷᠢᠯᠴᠠᠨ ᠨᠥᠬᠦᠪᠥᠷᠢᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠪᠠᠷ ᠵᠣᠷᠢᠯᠭ᠎ᠠ ᠪᠣᠯᠭᠠᠵᠤ᠂ ᠲᠣᠰᠬᠠᠢ ᠲᠣᠭᠲᠠᠭᠰᠠᠨ ᠣᠷᠣᠨ ᠪᠦᠰᠡ ᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠷᠠᠨ ᠪᠠᠶᠢᠭᠤᠯᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠠᠰᠢᠭ ᠲᠤᠰᠠ ᠶᠢ ᠬᠤᠪᠢᠶᠠᠷᠢᠯᠠᠬᠤ ᠵᠡᠷᠭᠡ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠷᠢᠯᠴᠠᠨ ᠠᠰᠢᠭ ᠬᠦᠷᠲᠡᠨ ᠬᠠᠮᠲᠤ ᠪᠠᠷ ᠢᠯᠠᠯᠲᠠ ᠣᠯᠬᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠬᠦ ᠶᠢ ᠵᠢᠭᠠᠨ᠎ᠠ᠃       22. ᠭᠤᠷᠪᠠ ᠪᠠᠶᠢᠭᠤᠯᠬᠤ᠄ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠠᠴᠠ ᠠᠮᠢ ᠶᠢᠨ ᠠᠬᠤᠶ ᠣᠷᠴᠢᠨ ᠬᠠᠮᠠᠭᠠᠯᠠᠯᠲᠠ ᠶᠢᠨ ᠠᠵᠢᠯ ᠤᠨ ᠲᠤᠬᠠᠶ ᠳᠤᠷᠠᠳᠤᠭᠰᠠᠨ ︽ᠪᠥᠬᠦ ᠡᠯᠧᠮᠧᠨ᠋ᠲ ᠢ ᠪᠥᠬᠦ ᠲᠠᠯ᠎ᠠ ᠪᠠᠷ ᠵᠠᠰᠠᠬᠤ ᠲᠤᠭᠲᠠᠮᠵᠢ ᠶᠢ ᠪᠠᠶᠢᠭᠤᠯᠬᠤ᠂ ᠠᠮᠢ ᠠᠬᠤᠶ ᠠᠵᠤ ᠠᠬᠤᠶ ᠶᠢᠨ ᠲᠤᠭᠲᠠᠯᠴᠠᠭ᠎ᠠ ᠶᠢ ᠪᠠᠶᠢᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠲᠦᠷᠢᠮ ᠲᠣᠭᠲᠠᠴᠠ ᠶᠢ ᠪᠠᠶᠢᠭᠤᠯᠬᠤ︾ ᠶᠢ ᠵᠢᠭᠠᠨ᠎ᠠ᠃        23. ᠵᠢᠷᠭᠤᠭ᠎ᠠ ᠶᠢ ᠨᠢᠭᠡᠳᠦᠯᠲᠡᠢ ᠲᠥᠯᠥᠪᠯᠡᠬᠦ᠄ ᠬᠤᠲᠠ ᠶᠢᠨ ᠨᠠᠮ ᠤᠨ ᠬᠤᠷᠢᠶ᠎ᠠ ᠶᠢᠨ ᠠᠮᠢ ᠠᠬᠤᠢ ᠶᠢᠨ ᠣᠷᠴᠢᠨ ᠢ ᠬᠠᠮᠠᠭᠠᠯᠠᠬᠤ ᠲᠠᠯ᠎ᠠ ᠪᠠᠷ ᠳᠤᠷᠠᠳᠤᠭᠰᠠᠨ ︽ᠵᠣᠬᠢᠶᠠᠨ ᠪᠠᠶᠢᠭᠤᠯᠵᠤ ᠵᠣᠬᠢᠴᠠᠭᠤᠯᠬᠤ᠂ ᠬᠠᠤᠯᠢ ᠳᠦᠷᠢᠮ ᠤᠨ ᠪᠠᠷᠢᠮᠵᠢᠶ᠎ᠠ᠂ ᠬᠢᠨᠠᠨ ᠬᠡᠮᠵᠢᠵᠦ ᠦᠨᠡᠯᠡᠬᠦ᠂ ᠬᠢᠨᠠᠯᠲᠠ ᠲᠠᠯᠪᠢᠬᠤ ᠲᠤᠭᠲᠠᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠭᠠᠳᠠᠭᠠᠳᠤ ᠲᠠᠢ ᠬᠠᠮᠲᠤᠷᠠᠯᠴᠠᠬᠤ︾ ᠵᠡᠷᠭᠡ ᠵᠢᠷᠭᠤᠭᠠᠨ ᠲᠠᠯ᠎ᠠ ᠶᠢᠨ ᠨᠢᠭᠡᠳᠦᠯᠲᠡᠢ ᠲᠦᠯᠦᠪᠯᠡᠬᠦ ᠶᠢ ᠵᠢᠭᠠᠨ᠎ᠠ᠃       24. ︽ᠤᠨᠤᠴᠠᠲᠠᠢ ᠬᠥᠷᠥᠭ ᠵᠢᠷᠤᠬᠤ︾ ᠦᠷ᠎ᠡ ᠪᠦᠲᠦᠭᠡᠯ᠄ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠰᠢᠭᠤ ᠬᠤᠲᠠ ᠲᠣᠭᠤᠷᠢᠭ ᠢᠶᠠᠷ ᠨᠢᠭᠡᠴᠢ ᠪᠣᠯᠭᠠᠵᠤ᠂ ᠣᠷᠣᠨ ᠪᠦᠰᠡ ᠬᠤᠪᠢᠶᠠᠨ ᠠᠮᠢ ᠠᠬᠤᠶ ᠶᠢᠨ ᠣᠷᠴᠢᠨ ᠤ ᠲᠦᠭᠰᠢᠭᠦᠷᠢ ᠶᠢᠨ ᠴᠡᠭ᠂ ᠰᠡᠷᠭᠡᠭ ᠴᠡᠭ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ ᠬᠡᠮ ᠢ ᠪᠥᠬᠦ ᠲᠠᠯ᠎ᠠ ᠪᠠᠷ ᠡᠮᠬᠢᠯᠡᠵᠦ᠂ ᠨᠠᠷᠢᠨ ᠬᠠᠭᠤᠳᠠᠰᠤ ᠪᠠᠶᠢᠭᠤᠯᠤᠨ᠂ ᠵᠢᠷᠤᠭ ᠳᠡᠭᠡᠷ᠎ᠡ ᠪᠤᠳᠠᠲᠠᠶᠢᠵᠢᠭᠤᠯᠵᠤ᠂ ᠡᠬᠡ ᠲᠠᠩᠰᠠ ᠶᠢ ᠪᠦᠷᠢᠯᠳᠦᠭᠦᠯᠦᠨ᠂ ᠲᠤᠭ᠎ᠠ ᠲᠣᠳᠣᠷᠬᠠᠶ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠱᠠᠲᠤ ᠲᠥᠷᠥᠯ ᠬᠤᠪᠢᠶᠠᠨ ᠰᠠᠶᠢᠲᠤᠷ ᠠᠳᠬᠤᠬᠤ ᠶᠢ ᠵᠢᠭᠠᠨ᠎ᠠ᠃        25. ᠬᠤᠤᠰ ᠡᠭᠦᠳᠦᠯᠲᠡ᠄ ︽ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠠᠰᠢᠭ ᠬᠦᠷᠲᠡᠭᠡᠬᠦ ᠰᠢᠶᠠᠨ︾ ᠪᠠ ︽ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠰᠢᠶᠠᠨ︾ ᠢ ᠡᠭᠦᠳᠦᠨ ᠪᠠᠶᠢᠭᠤᠯᠬᠤ ᠶᠢ ᠵᠢᠭᠠᠨ᠎ᠠ᠃        26. ᠬᠤᠶᠠᠷ ᠢ ᠬᠦᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠶᠢ ᠬᠥᠩᠭᠡᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠬᠦ ᠶᠢ ᠵᠢᠭᠠᠨ᠎ᠠ᠃        27. ᠭᠤᠷᠪᠠᠨ ᠲᠥᠯᠥᠪᠯᠡᠭᠡ᠄ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾ ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠯᠲᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠶᠢ ᠵᠢᠭᠠᠨ᠎ᠠ᠃        28. ︽ᠵᠢᠷᠭᠤᠭ᠎ᠠ ᠦᠭᠡᠢ︾ ᠰᠢᠶᠠᠩ ᠲᠣᠰᠬᠤᠨ᠄ ᠠᠮᠢᠨ ᠬᠡᠷᠡᠭ ᠦᠭᠡᠢ᠂ ᠪᠡᠭᠡᠵᠢᠩ ᠪᠠ ᠣᠷᠤᠨ ᠳᠤ ᠬᠦᠷᠴᠦ ᠵᠠᠬᠢᠳᠠᠯ ᠰᠣᠷᠪᠤᠯᠵᠢᠯᠠᠭ᠎ᠠ ᠦᠭᠡᠢ᠂ ᠴᠠᠬᠢᠯᠭᠠᠨ ᠬᠤᠯᠪᠤᠭᠠᠨ ᠤ ᠮᠡᠬᠡᠯᠡᠯ ᠦᠭᠡᠢ᠂ ᠵᠠᠭᠠᠯᠳᠤᠯᠭ᠎ᠠ ᠦᠭᠡᠢ᠂ ᠭᠠᠵᠢᠭᠤ ᠨᠣᠮᠯᠠᠯ ᠦᠭᠡᠢ᠂ ᠬᠤᠣᠷᠲᠤ ᠡᠳ᠋ ᠦᠭᠡᠢ ᠰᠢᠶᠠᠩ ᠲᠣᠰᠬᠤᠨ ᠢ ᠵᠢᠭᠠᠨ᠎ᠠ᠃        29. ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠶ ᠶᠢᠨ ᠲᠠᠯᠠᠪᠠᠢ ᠳᠤ ᠠᠯᠪᠠᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠵᠢᠭᠠᠨ᠎ᠠ᠃        30. ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠄ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾ ᠤ ᠨᠠᠷᠢᠨ ᠬᠠᠭᠤᠳᠠᠰᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ   ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢᠨ ᠨᠠᠷᠢᠨ ᠬᠠᠭᠤᠳᠠᠰᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠤᠨ ᠨᠠᠷᠢᠨ ᠬᠠᠭᠤᠳᠠᠰᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠃       31. ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ᠄ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠵᠢᠭᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ