ᠡᠷᠡᠭᠦᠯ ᠴᠢᠭᠢᠷᠠᠭ ᠵᠣᠯ ᠵᠢᠷᠭᠠᠯ ᠪᠣᠯ ᠬᠥᠮᠥᠰ ᠤᠨ ᠠᠮᠢᠳᠤᠷᠠᠯ ᠳᠤ ᠬᠠᠮᠤᠭ ᠤᠨ ᠳᠥᠭᠦᠮ ᠮᠥᠷᠲᠡᠭᠡᠨ ᠬᠠᠮᠤᠭ ᠤᠨ ᠰᠠᠶᠢᠨ ᠰᠠᠶᠢᠬᠠᠨ ᠬᠠᠷᠠᠯᠲᠠ ᠶᠢᠨ ᠨᠢᠭᠡ᠃ | ᠡᠷᠡᠭᠦᠯ ᠴᠢᠭᠢᠷᠠᠭ ᠵᠣᠯ ᠵᠢᠷᠭᠠᠯ ᠲᠠᠢ ᠨᠢᠭᠡ ᠨᠠᠰᠤ ᠶᠢ ᠥᠩᠭᠡᠷᠡᠭᠡᠬᠦ ᠳᠤ᠂ ᠶᠠᠮᠠᠷ ᠡᠯᠧᠮᠧᠨ᠋ᠲ ᠨᠢ ᠨᠠᠩ ᠴᠢᠬᠤᠯᠠ ᠪᠤᠢ︖ ᠲᠦᠷᠦᠭᠦᠬᠡᠨ᠂ ᠳᠤᠮᠳᠠᠳᠤ ᠤᠯᠤᠰ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠯᠪᠠᠨ ᠰᠦᠯᠵᠢᠶ᠎ᠡ ᠨᠢ ᠡᠷᠬᠡ ᠰᠦᠷᠲᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ︾ | ᠰᠡᠳᠬᠦᠯ ᠳᠤ ᠰᠢᠯᠵᠢᠭᠦᠯᠦᠨ ᠨᠡᠶᠢᠲᠡᠯᠡᠭᠰᠡᠨ ᠨᠢᠭᠡᠨ ᠰᠤᠳᠤᠯᠭᠠᠨ ᠤ ᠰᠠᠨᠠᠭᠤᠯᠤᠮᠵᠢ ᠶᠢ ᠨᠡᠶᠢᠲᠡᠯᠡᠪᠡ᠂ ᠬᠥᠮᠥᠨ ᠥᠲᠡᠯᠪᠡᠯ ᠳᠤᠷ᠎ᠠ ᠪᠠᠬ᠎ᠠ ᠲᠠᠢ ᠪᠠᠶᠢᠬᠤ ᠬᠡᠷᠡᠭᠲᠡᠢ᠂ | ᠵᠥᠪᠭᠡᠨ ᠨᠢᠭᠡ ᠯᠡ ᠪᠠᠶᠢᠭᠰᠠᠨ ᠴᠦ ᠪᠣᠯᠣᠨ᠎ᠠ᠃ ᠤᠴᠢᠷ ᠨᠢ ᠳᠤᠷ᠎ᠠ ᠪᠠᠬ᠎ᠠ ᠲᠠᠢ ᠨᠠᠰᠤᠲᠠᠨ ᠠᠮᠠᠷᠬᠠᠨ ᠭᠠᠩᠰᠠᠷᠠᠬᠤ ᠦᠭᠡᠢ᠂ ᠨᠠᠩ ᠡᠷᠡᠭᠦᠯ ᠴᠢᠭᠢᠷᠠᠭ ᠤᠷᠲᠤ | ᠨᠠᠰᠤᠯᠠᠨ᠎ᠠ᠃ | ᠲᠣᠰ ᠰᠤᠳᠤᠯᠭᠠᠨ ᠢ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ·ᠠᠨᠠᠭᠠᠬᠤ ᠤᠬᠠᠭᠠᠨ︾ ᠳᠡᠭᠡᠷ᠎ᠡ ᠨᠡᠶᠢᠲᠡᠯᠡᠪᠡ᠃ ᠰᠤᠳᠤᠯᠤᠭᠴᠢᠳ 16 | ᠤᠯᠤᠰ ᠤᠨ 9 ᠲᠦᠮᠡ ᠭᠠᠷᠤᠢ ᠨᠠᠰᠤᠲᠠᠶᠢᠴᠤᠳ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠬᠥᠮᠥᠰ ᠨᠠᠰᠤ ᠠᠬᠢᠭᠰᠠᠨ ᠴᠤ ᠠᠵᠢᠯ ᠤᠨ ᠴᠢᠯᠦᠭᠡᠨ ᠤ ᠳᠤᠷ᠎ᠠ | ᠰᠣᠨᠢᠷᠬᠠᠯ ᠲᠠᠢ ᠪᠠᠶᠢᠬᠤ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠃ ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠳᠤᠷ᠎ᠠ ᠰᠣᠨᠢᠷᠬᠠᠯ ᠨᠢ | ᠨᠡᠯᠢᠶᠡᠳ ᠪᠠᠭ᠎ᠠ ᠭᠠᠩᠰᠠᠷᠠᠬᠤ ᠡᠪᠡᠳᠴᠢᠨ ᠤ ᠢᠯᠡᠷᠡᠯ᠂ ᠨᠠᠩ ᠥᠨᠳᠥᠷ ᠬᠢᠷᠢ ᠲᠦᠪᠰᠢᠨ ᠪᠦᠬᠦᠢ ᠥᠪᠡᠷ ᠤᠨ ᠪᠡᠶ᠎ᠡ ᠶᠢᠨ ᠡᠷᠡᠭᠦᠯ ᠮᠡᠨᠳᠦ᠂ ᠵᠣᠯ ᠵᠢᠷᠭᠠᠯᠲᠤ | ᠰᠡᠳᠬᠢᠯᠭᠡ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠬᠤᠯᠪᠤᠭ᠎ᠠ ᠲᠠᠢ᠃ ᠬᠤᠷᠸ᠎ᠠ ᠲᠠᠯ᠎ᠠ ᠠᠴᠠ ᠠᠪᠴᠤ ᠬᠡᠯᠡᠪᠡᠯ᠂ ᠳᠤᠷ᠎ᠠ ᠰᠣᠨᠢᠷᠬᠠᠯ ᠤᠨ ᠲᠦᠭᠡᠮᠡᠯ ᠴᠢᠨᠠᠷ | ᠨᠢ ᠪᠠᠰᠠ ᠠᠷᠠᠳ ᠢᠷᠭᠡᠳ ᠤᠨ ᠵᠣᠯ ᠵᠢᠷᠭᠠᠯ ᠤᠨ ᠬᠢᠷᠢ ᠲᠦᠪᠰᠢᠨ ᠪᠠ ᠵᠢᠱᠢᠭᠰᠡᠨ ᠨᠠᠰᠤᠨ ᠬᠤᠲᠤᠭ ᠲᠠᠢ ᠬᠤᠯᠪᠤᠭ᠎ᠠ ᠲᠠᠢ ᠶᠤᠮ᠃ | ᠰᠤᠳᠤᠯᠭᠠᠲᠠᠳ ᠤᠨ ᠰᠠᠨᠠᠭᠤᠯᠤᠭᠰᠠᠨ ᠢᠶᠠᠷ᠂ ᠠᠳᠡ ᠬᠡᠯᠡᠵᠦ ᠪᠠᠶᠢᠭ᠎ᠠ ︽ᠳᠤᠷ᠎ᠠ ᠪᠠᠬ᠎ᠠ︾ ᠭᠡᠳᠡᠭ ᠨᠢ ᠬᠥᠮᠥᠰ ᠤᠨ ᠰᠤᠯᠠ ᠰᠡᠯᠡᠭᠦᠦ ᠴᠠᠭ ᠲᠠᠭᠠᠨ ᠬᠢᠬᠦ | ᠵᠤᠭ᠎ᠠ ᠴᠡᠩᠭᠡᠯ ᠤᠨ ᠠᠵᠢᠯᠯᠠᠭ᠎ᠠ᠂ ᠵᠢᠱᠢᠶᠡᠯᠡᠪᠡᠯ ᠤᠷᠠᠯᠢᠭ ᠤᠷᠤᠯᠳᠤᠬᠤ᠂ ᠭᠠᠷ ᠤᠷᠠᠯᠠᠯ ᠬᠢᠬᠦ᠂ ᠨᠣᠮ ᠤᠩᠰᠢᠬᠤ᠂ ᠲᠣᠭᠯᠠᠭᠠᠮ ᠨᠠᠭᠠᠳᠬᠤ᠂ ᠬᠥᠳᠡᠯᠭᠡᠭᠡᠨ ᠬᠢᠬᠦ᠂ | ᠴᠡᠴᠡᠷᠯᠢᠭ ᠤᠨ ᠤᠷᠠᠯᠢᠭ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ᠂ ᠡᠯ᠎ᠡ ᠵᠦᠢᠯ ᠤᠨ ᠨᠡᠶᠢᠭᠡᠮᠯᠢᠭ / ᠺᠯᠦ᠋ᠪ ᠲᠤ ᠣᠷᠤᠯᠴᠠᠬᠤ ᠵᠡᠷᠭᠡ ᠠᠵᠢᠯᠯᠠᠭ᠎ᠠ ᠪᠣᠯᠣᠨ᠎ᠠ᠃ | ᠡᠳᠡᠭᠡᠷ ᠠᠵᠢᠯᠯᠠᠭᠠᠨ ᠨᠢ᠂ ᠬᠥᠮᠥᠰ ᠤᠨ ᠲᠥᠰᠥᠭᠡᠯᠡᠬᠦᠢ ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠵᠦ᠂ ᠰᠡᠷᠡᠯ ᠤᠨ ᠡᠷᠬᠡᠲᠡᠨ ᠪᠠ ᠲᠠᠨᠢᠨ | ᠮᠡᠳᠡᠬᠦᠢ ᠳᠤ ᠰᠡᠳᠡᠯᠲᠡ ᠥᠭᠴᠦ᠂ ᠬᠤᠪᠢ ᠬᠥᠮᠥᠨ ᠤ ᠥᠪᠡᠷ ᠢ ᠪᠠᠨ ᠢᠯᠡᠳᠬᠡᠬᠦ ᠶᠢ ᠠᠬᠢᠭᠤᠯᠳᠠᠭ᠃ ᠨᠡᠶᠢᠭᠡᠮ ᠤᠨ ᠬᠠᠷᠢᠯᠴᠠᠭᠠᠨ ᠤ ᠰᠢᠨᠵᠢ ᠴᠢᠨᠠᠷ ᠲᠠᠢ | ᠠᠵᠢᠯᠯᠠᠭ᠎ᠠ ᠳᠤ ᠣᠷᠤᠯᠴᠠᠬᠤ ᠨᠢ ᠪᠠᠰᠠ ᠨᠡᠶᠢᠭᠡᠮ ᠤᠨ ᠳᠡᠮᠵᠢᠯᠭᠡ ᠶᠢ ᠬᠠᠩᠭᠠᠵᠤ᠂ ᠭᠠᠭᠴᠠᠭᠠᠷᠳᠠᠬᠤ ᠰᠡᠳᠬᠢᠯᠭᠡ ᠪᠠ ᠨᠡᠶᠢᠭᠡᠮ ᠤᠨ ᠭᠠᠭᠴᠠᠭᠠᠷᠳᠠᠬᠤ ᠰᠡᠳᠬᠢᠯᠭᠡ ᠶᠢ | ᠪᠠᠭᠠᠰᠬᠠᠵᠤ ᠴᠢᠳᠠᠨ᠎ᠠ᠃ | ᠲᠣᠰ ᠰᠤᠳᠤᠯᠭᠠᠨ ᠤ ᠲᠤᠭ᠎ᠠ ᠪᠠᠷᠢᠮᠲᠠ ᠨᠢ 5 ᠲᠣᠮᠣ ᠭᠡᠯᠪᠡᠷᠢ ᠶᠢᠨ ᠡᠩᠨᠡᠭᠡ ᠶᠢᠨ ᠰᠤᠳᠤᠯᠭᠠᠨ᠂ ᠠᠩᠭ᠍ᠯᠢ ᠶᠢᠨ ᠨᠠᠰᠤᠵᠢᠯᠲᠠ ᠶᠢᠨ ᠭᠤᠯᠳᠤ ᠴᠢᠭᠯᠡᠯ ᠤᠨ | ᠰᠤᠳᠤᠯᠭᠠᠨ᠂ ᠶᠠᠫᠤᠨ ᠤ ᠨᠠᠰᠤᠲᠠᠶᠢᠴᠤᠳ ᠤᠨ ᠰᠤᠳᠤᠯᠤᠯ ᠤᠨ ᠦᠨᠡᠯᠡᠨ ᠵᠢᠱᠢᠬᠦ ᠰᠤᠳᠤᠯᠭᠠᠨ᠂ ᠠᠮᠧᠷᠢᠺᠠ ᠶᠢᠨ ᠡᠷᠡᠭᠦᠯ ᠮᠡᠨᠳᠦ ᠬᠢᠭᠡᠳ ᠠᠵᠢᠯ ᠠᠴᠠ ᠪᠠᠨ ᠠᠮᠠᠷᠠᠬᠤ | ᠭᠤᠯᠳᠤ ᠴᠢᠭᠯᠡᠯ ᠤᠨ ᠰᠤᠳᠤᠯᠭᠠᠨ᠂ ᠡᠸᠦ᠋ᠷᠦᠫᠡ ᠲᠢᠪ ᠤᠨ ᠡᠷᠡᠭᠦᠯ ᠮᠡᠨᠳᠦ ᠶᠢᠨ ᠨᠠᠰᠤᠵᠢᠯᠲᠠ ᠪᠠ ᠠᠵᠢᠯ ᠠᠴᠠ ᠪᠠᠨ ᠠᠮᠠᠷᠠᠬᠤ ᠪᠠᠶᠢᠴᠠᠭᠠᠯᠲᠠ ᠪᠠ ᠳᠤᠮᠳᠠᠳᠤ | ᠤᠯᠤᠰ ᠤᠨ ᠡᠷᠡᠭᠦᠯ ᠮᠡᠨᠳᠦ ᠬᠢᠭᠡᠳ ᠨᠠᠰᠤᠵᠢᠯ ᠤᠨ ᠠᠰᠠᠷᠠᠮᠵᠢ ᠶᠢᠨ ᠮᠥᠷᠳᠡᠨ ᠪᠠᠶᠢᠴᠠᠭᠠᠯᠲᠠ ᠵᠡᠷᠭᠡ ᠠᠴᠠ ᠢᠷᠡᠯᠲᠡ ᠲᠠᠢ ᠪᠠᠶᠢᠵᠤ᠂ ᠳᠤᠮᠳᠠᠳᠤ ᠤᠯᠤᠰ᠂ ᠠᠮᠧᠷᠢᠺᠠ᠂ | ᠠᠩᠭ᠍ᠯᠢ᠂ ᠶᠠᠫᠤᠨ᠂ ᠳ᠋ᠠᠨ᠋ᠮᠠᠷᠺ᠂ ᠭᠧᠷᠮᠠᠨ᠂ ᠰᠸᠢᠰ᠂ ᠢᠰᠫᠠᠨᠢ ᠵᠡᠷᠭᠡ 16 ᠤᠯᠤᠰ ᠤᠨ ᠣᠷᠣᠯᠴᠠᠭᠴᠢ᠂ ᠠᠳᠠᠯᠢ ᠪᠤᠰᠤ ᠤᠯᠤᠰ ᠤᠨ ᠣᠷᠣᠯᠴᠠᠭᠴᠢ ᠶᠢᠨ ᠳᠤᠮᠳᠠᠴᠢ ᠨᠠᠰᠤ | 71.7 - 75.9 ᠶᠢ ᠪᠠᠭᠲᠠᠭᠠᠨ᠎ᠠ᠃ | ᠶᠡᠷᠦᠩᠬᠡᠢ ᠳᠤᠨᠢ ᠠᠪᠴᠤ ᠬᠡᠯᠡᠪᠡᠯ᠂ ᠤᠷᠮ᠎ᠠ ᠪᠠᠬ᠎ᠠ ᠪᠠ ᠭᠠᠩᠰᠠᠷᠠᠯ ᠤᠨ ᠢᠯᠡᠷᠡᠯ ᠲᠠᠢ ᠪᠠᠶᠢᠬᠤ ᠨᠢ ᠰᠥᠭᠡᠷᠭᠦ ᠢᠯᠡᠷᠡᠯ ᠲᠠᠢ ᠬᠤᠯᠪᠤᠭ᠎ᠠ ᠲᠠᠢ᠂ ᠥᠪᠡᠷ ᠢᠶᠠᠨ | ᠮᠡᠳᠡᠭᠦᠯᠬᠦ ᠡᠷᠡᠭᠦᠯ ᠮᠡᠨᠳᠦ ᠶᠢᠨ ᠬᠢᠷᠢ ᠲᠦᠪᠰᠢᠨ᠂ ᠵᠣᠯ ᠵᠢᠷᠭᠠᠯᠲᠤ ᠲᠥᠷᠥᠭᠳᠡᠯ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠰᠢᠭᠤᠳ ᠬᠤᠯᠪᠤᠭ᠎ᠠ ᠲᠠᠢ ᠶᠤᠮ᠃ | ᠬᠤᠷᠸ᠎ᠠ ᠳᠠᠪᠬᠤᠷᠭ᠎ᠠ ᠶᠢᠨ ᠵᠠᠳᠠᠯᠤᠯᠲᠠ ᠠᠴᠠ ᠦᠵᠡᠪᠡᠯ᠂ ᠳᠤᠷ᠎ᠠ ᠪᠠᠬ᠎ᠠ ᠲᠠᠢ ᠬᠥᠮᠥᠰ ᠤᠨ ᠬᠠᠷᠢᠴᠠᠯ ᠨᠢ ᠳᠡᠯᠡᠬᠡᠢ ᠶᠢᠨ ᠵᠣᠯ ᠵᠢᠷᠭᠠᠯ ᠤᠨ ᠵᠢᠭᠠᠯᠲᠠ ᠲᠤᠭ᠎ᠠ ᠤᠨ | ᠬᠤᠪᠢ᠂ GDP ᠪᠠᠷ ᠬᠡᠮᠵᠢᠬᠦ ᠤᠯᠤᠰ ᠤᠨ ᠡᠳ᠋ ᠪᠠᠶᠠᠯᠢᠭ ᠪᠠ ᠠᠷᠠᠳ ᠲᠦᠮᠡᠨ ᠤ ᠵᠢᠱᠢᠭᠰᠡᠨ ᠨᠠᠰᠤᠨ ᠬᠤᠲᠤᠭ ᠨᠢ ᠡᠶᠡᠷᠭᠦ ᠬᠤᠯᠪᠤᠭ᠎ᠠ ᠲᠠᠢ ᠪᠠᠶᠢᠵᠤ᠂ ᠺᠢᠨ᠋ᠨᠢ ᠶᠢᠨ | ᠵᠢᠭᠠᠯᠲᠠ ᠲᠤᠭ᠎ᠠ ᠲᠠᠢ ᠰᠥᠭᠡᠷᠭᠦ ᠬᠤᠯᠪᠤᠭ᠎ᠠ ᠲᠠᠢ ᠪᠠᠶᠢᠳᠠᠭ᠃ |