ᠣᠳᠣᠬᠠᠨ ᠤ ᠠᠵᠢᠯ ᠠᠮᠢᠳᠤᠷᠠᠯ ᠤᠨ ᠳᠤᠮᠳᠠ᠂ ᠬᠥᠮᠥᠰ ᠭᠠᠷ ᠤᠲᠠᠰᠤ᠂ ᠺᠤᠮᠫᠢᠦ᠋ᠲ᠋ᠧᠷ ᠠᠴᠠ ᠤᠯᠠᠮ ᠢᠶᠠᠷ ᠰᠠᠯᠵᠤ ᠴᠢᠳᠠᠬᠤ ᠦᠭᠡᠢ ᠪᠣᠯᠵᠠᠢ᠃ ᠤᠷᠳᠤ | ᠬᠤᠭᠤᠴᠠᠭ᠎ᠠ ᠪᠠᠷ ᠠᠵᠢᠯᠯᠠᠬᠤ᠂ ᠰᠡᠯᠡᠭᠦᠦ ᠴᠠᠭ ᠲᠠᠭᠠᠨ ᠣᠬᠤᠷ ᠸᠢᠳᠢᠤ᠋ ᠰᠣᠨᠢᠷᠬᠠᠬᠤ᠂ ᠲᠣᠭᠯᠠᠭᠠᠮ ᠲᠣᠭᠯᠠᠬᠤ ᠁ ᠵᠡᠷᠭᠡ ᠨᠢ ᠬᠥᠮᠥᠰ ᠤᠨ ᠳᠠᠳᠬᠠᠯ ᠪᠣᠯᠵᠤ᠂ | ᠮᠠᠰᠢ ᠤᠯᠠᠨ ᠬᠥᠮᠥᠨ ᠭᠠᠷ ᠠᠴᠠ ᠪᠠᠨ ᠭᠠᠷ ᠤᠲᠠᠰᠤ ᠰᠠᠯᠭᠠᠬᠤ ᠦᠭᠡᠢ ᠪᠣᠯᠤᠭᠰᠠᠨ ᠪᠠᠶᠢᠨ᠎ᠠ᠃ ᠢᠩᠭᠢᠬᠦ ᠨᠢ ᠡᠳᠦᠷ ᠤᠳᠠᠭᠠᠨ ᠳᠠᠭᠠᠨ ᠬᠦᠵᠦᠭᠦᠦ ᠶᠢᠨ ᠬᠡᠰᠡᠭ ᠲᠤ | ᠡᠪ ᠦᠭᠡᠢ ᠪᠠᠶᠢᠳᠠᠯ ᠡᠭᠦᠰᠬᠡᠬᠦ ᠨᠢ ᠳᠠᠮᠵᠢᠭ ᠦᠭᠡᠢ᠂ ᠭᠡᠪᠡᠴᠦ ᠨᠠᠶᠢᠵᠠ ᠶᠢᠨ ᠲᠣᠭᠤᠷᠢᠭ ᠲᠤ ᠬᠦᠵᠦᠭᠦᠦ ᠪᠠᠨ ︽ᠳᠡᠭᠦᠵᠢᠯᠡᠬᠦ︾᠂ ᠲᠣᠯᠣᠭᠠᠢ ᠭᠡᠳᠡᠶᠢᠯᠭᠡᠨ ᠭᠠᠷ | ᠤᠲᠠᠰᠤ ᠦᠵᠡᠬᠦ ᠵᠡᠷᠭᠡ ᠬᠦᠵᠦᠭᠦᠦ ᠶᠢᠨ ᠬᠡᠰᠡᠭ ᠤᠨ ᠡᠪ ᠦᠭᠡᠢ ᠪᠠᠶᠢᠳᠠᠯ ᠢ ᠨᠠᠮᠵᠢᠭᠤᠯᠬᠤ ︽ᠣᠨᠴᠠ ᠵᠣᠷ︾ ᠦᠷᠭᠦᠯᠵᠢ ᠬᠠᠷᠠᠭᠳᠠᠳᠠᠭ᠃ | ᠬᠦᠵᠦᠭᠦᠦ ᠪᠠᠨ ︽ᠳᠡᠭᠦᠵᠢᠯᠡᠬᠦ︾ ᠶᠢ ᠰᠣᠬᠤᠷ ᠪᠠᠯᠠᠢ ᠪᠠᠷ ᠬᠢᠵᠦ ᠪᠤᠯᠬᠤ ᠦᠭᠡᠢ | ᠮᠠᠨ ᠤ ᠬᠦᠵᠦᠭᠦᠦ ᠰᠡᠭᠡᠷ ᠤᠨ ᠲᠣᠭᠤᠷᠢᠨ ᠮᠠᠰᠢ ᠣᠯᠠᠨ ᠪᠤᠯᠴᠢᠩ ᠳᠤ ᠪᠠᠭᠯᠠᠭᠳᠠᠵᠤ᠂ ᠲᠣᠯᠣᠭᠠᠢ ᠪᠥᠬᠦᠶᠢᠬᠦ ᠪᠠᠶᠢᠳᠠᠯ ᠨᠢ ᠬᠦᠵᠦᠭᠦᠦ ᠰᠡᠭᠡᠷ ᠤᠨ ᠠᠷᠤ | ᠲᠠᠯ᠎ᠠ ᠶᠢᠨ ᠪᠤᠯᠴᠢᠩ ᠢ ᠰᠤᠩᠭᠠᠵᠤ᠂ ᠬᠡᠷᠪᠡ ᠤᠷᠲᠤ ᠬᠤᠭᠤᠴᠠᠭ᠎ᠠ ᠪᠠᠷ ᠲᠣᠯᠣᠭᠠᠢ ᠪᠠᠨ ᠪᠥᠬᠦᠶᠢᠪᠡᠯ᠂ ᠪᠤᠯᠴᠢᠩ ᠠᠮᠠᠷᠬᠠᠨ ᠶᠠᠳᠠᠷᠠᠵᠤ᠂ ᠬᠦᠵᠦᠭᠦᠦ ᠶᠢᠨ ᠬᠡᠰᠡᠭ | ᠡᠪᠡᠳᠬᠦ ᠪᠠᠶᠢᠳᠠᠯ ᠡᠭᠦᠰᠦᠨ᠎ᠡ᠃ ᠤᠷᠲᠤ ᠬᠤᠭᠤᠴᠠᠭ᠎ᠠ ᠪᠠᠷ ᠢᠩᠭᠢᠭᠡᠳ ᠪᠠᠶᠢᠪᠠᠯ ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠮᠠᠭᠤᠳᠠᠵᠤ᠂ ᠬᠦᠵᠦᠭᠦᠦ | ᠰᠡᠭᠡᠷ ᠤᠨ ᠭᠥᠯᠢᠶᠡᠨ ᠠᠪᠬᠤ ᠬᠦᠴᠦ ᠨᠡᠮᠡᠭᠳᠡᠬᠦ ᠠᠴᠠ ᠪᠣᠯᠵᠤ ᠬᠦᠵᠦᠭᠦᠦ ᠰᠡᠭᠡᠷ ᠤᠨ ᠡᠪᠡᠳᠴᠢᠨ ᠢ ᠡᠭᠦᠰᠬᠡᠬᠦ ᠪᠣᠯᠣᠨ᠎ᠠ᠃ | ᠣᠳᠣᠬᠠᠨ ᠳᠤ ᠮᠠᠰᠢ ᠣᠯᠠᠨ ᠵᠠᠯᠠᠭᠤᠴᠤᠳ ᠣᠷᠳᠣ ᠬᠤᠭᠤᠴᠠᠭ᠎ᠠ ᠪᠠᠷ ᠲᠣᠯᠣᠭᠠᠢ ᠪᠥᠬᠦᠶᠢᠨ ᠠᠵᠢᠯᠯᠠᠬᠤ ᠪᠤᠶᠤ ᠲᠣᠭᠯᠠᠭᠠᠮ ᠨᠠᠭᠠᠳᠤᠭᠰᠠᠨ ᠠᠴᠠ ᠪᠣᠯᠵᠤ | ᠪᠤᠯᠴᠢᠩ ᠤᠨ ᠶᠠᠳᠠᠷᠠᠯ ᠢ ᠡᠭᠦᠰᠬᠡᠳᠡᠭ᠂ ᠰᠦᠯᠵᠢᠶᠡᠨ ᠳᠡᠭᠡᠷ᠎ᠡ ᠪᠠᠰᠠ ᠤᠯᠠᠨ ᠵᠦᠢᠯ ᠤᠨ ᠠᠷᠭ᠎ᠠ ᠪᠠᠷ ᠬᠦᠵᠦᠭᠦᠦ ᠶᠢᠨ ᠬᠡᠰᠡᠭ ᠤᠨ ᠡᠪ ᠦᠭᠡᠢ ᠪᠠᠶᠢᠳᠠᠯ ᠢ | ᠨᠠᠮᠳᠠᠭᠤᠯᠵᠤ ᠪᠠᠶᠢᠨ᠎ᠠ᠂ ᠵᠢᠱᠢᠶᠡᠯᠡᠪᠡᠯ᠂ ᠬᠦᠵᠦᠭᠦᠦ ᠪᠠᠨ ︽ᠳᠡᠭᠦᠵᠢᠯᠡᠬᠦ︾ ᠮᠡᠲᠦ ᠶᠢᠨ ᠠᠷᠭ᠎ᠠ ᠶᠢ ᠬᠡᠷᠡᠭᠯᠡᠵᠦ ᠪᠠᠶᠢᠨ᠎ᠠ᠃ ᠦᠨᠡᠨ ᠳᠡᠭᠡᠨ ᠡᠨᠡ ᠬᠦ ᠠᠷᠭ᠎ᠠ ᠨᠢ ᠪᠤᠷᠤᠭᠤ | ᠶᠤᠮ᠂ ᠤᠴᠢᠷ ᠨᠢ ᠬᠦᠵᠦᠭᠦᠦ ᠶᠢ ︽ᠳᠡᠭᠦᠵᠢᠯᠡᠬᠦ︾ ᠨᠢ ᠡᠮᠴᠢᠯᠡᠭᠡᠨ ᠤ ᠳᠤᠮᠳᠠ ᠮᠡᠳᠡᠷᠡᠯ ᠤᠨ ᠤᠭ ᠤᠨ ᠭᠡᠯᠪᠡᠷᠢ ᠶᠢᠨ ᠬᠦᠵᠦᠭᠦᠦ ᠰᠡᠭᠡᠷ ᠤᠨ ᠡᠪᠡᠳᠴᠢᠨ ᠢ | ᠵᠠᠰᠠᠬᠤ ᠳᠤ ᠬᠡᠷᠡᠭᠯᠡᠳᠡᠭ ᠠᠴᠠ ᠪᠢᠰᠢ ᠬᠠᠷᠢᠨ ᠪᠤᠯᠴᠢᠩ ᠤᠨ ᠵᠦᠳᠡᠷᠡᠯ ᠤᠨ ᠭᠡᠮᠲᠦᠯ ᠢ ᠵᠠᠰᠠᠬᠤ ᠳᠤ ᠲᠣᠬᠢᠷᠠᠬᠤ ᠦᠭᠡᠢ ᠶᠤᠮ᠃ ᠲᠡᠯᠡᠭᠦ ᠵᠠᠰᠠᠯ ᠢ ᠬᠢᠬᠦ ᠠᠴᠠ | ᠡᠮᠦᠨ᠎ᠡ᠂ ᠵᠠᠪᠠᠯ ᠵᠢᠩᠬᠢᠨᠢ ᠡᠮᠨᠡᠯᠭᠡ ᠶᠢᠨ ᠬᠤᠷᠢᠶᠠᠨ ᠳᠤ ᠬᠦᠷᠴᠦ ᠲᠣᠳᠣᠷᠬᠠᠢ ᠣᠨᠣᠰᠢᠯᠠᠭᠤᠯᠬᠤ ᠬᠡᠷᠡᠭᠲᠡᠢ᠂ ᠰᠣᠬᠤᠷ ᠪᠠᠯᠠᠢ ᠪᠠᠷ ᠥᠪᠡᠷ ᠢᠶᠠᠨ ᠬᠢᠵᠦ ᠪᠤᠯᠬᠤ ᠦᠭᠡᠢ᠃ | ᠤᠷᠲᠤ ᠬᠤᠭᠤᠴᠠᠭ᠎ᠠ ᠪᠠᠷ ᠲᠣᠯᠣᠭᠠᠢ ᠭᠡᠳᠡᠶᠢᠯᠭᠡᠨ ᠭᠠᠷ ᠤᠲᠠᠰᠤ ᠦᠵᠡᠬᠦ ᠨᠢ ᠮᠥᠨ ᠴᠦ ᠪᠤᠯᠴᠢᠩ ᠤᠨ ᠵᠦᠳᠡᠷᠡᠯ ᠤᠨ ᠭᠡᠮᠲᠦᠯ ᠢ ᠡᠭᠦᠰᠬᠡᠨ᠎ᠡ ᠪᠠᠰᠠ ᠴᠥᠭᠡᠨ | ᠪᠤᠰᠤ ᠬᠥᠮᠥᠰ ᠤᠨ ᠦᠵᠡᠬᠦ ᠪᠠᠷ᠂ ᠬᠦᠵᠦᠭᠦᠦ ᠰᠡᠭᠡᠷ ᠲᠤ ᠠᠰᠠᠭᠤᠳᠠᠯ ᠭᠠᠷᠤᠭᠰᠠᠨ ᠨᠢ ᠤᠷᠲᠤ ᠬᠤᠭᠤᠴᠠᠭ᠎ᠠ ᠪᠠᠷ ᠲᠣᠯᠣᠭᠠᠢ ᠪᠥᠬᠦᠶᠢᠭᠰᠡᠨ ᠠᠴᠠ ᠪᠣᠯ ᠪᠢᠳᠡ | ᠲᠣᠯᠣᠭᠠᠢ ᠭᠡᠳᠡᠶᠢᠨ ᠭᠠᠷ ᠤᠲᠠᠰᠤ ᠦᠵᠡᠪᠡᠯ ᠳᠠᠷᠤᠢ ᠬᠦᠵᠦᠭᠦᠦ ᠰᠡᠭᠡᠷ ᠢ ᠬᠠᠮᠠᠭᠠᠯᠠᠵᠤ ᠳᠡᠶᠢᠯᠴᠢᠬᠡᠬᠦ ᠪᠢᠰᠢ ᠤᠤ︖ ᠭᠡᠰᠡᠨ ᠦᠵᠡᠯᠲᠡ ᠲᠠᠢ ᠪᠠᠶᠢᠯ᠎ᠠ᠃ ᠢᠩᠭᠢᠵᠦ | ᠬᠢᠬᠦ ᠨᠢ ᠰᠢᠨᠵᠢᠯᠡᠬᠦ ᠤᠬᠠᠭᠠᠨᠴᠢ ᠪᠢᠰᠢ ᠶᠤᠮ᠃ ᠤᠷᠲᠤ ᠬᠤᠭᠤᠴᠠᠭ᠎ᠠ ᠪᠠᠷ ᠨᠢᠭᠡᠨ ᠪᠠᠶᠢᠳᠠᠯ ᠢᠶᠠᠨ ᠪᠠᠲᠤᠯᠠᠬᠤ᠂ ᠳᠠᠷᠤᠢ ᠲᠣᠯᠣᠭᠠᠢ ᠪᠥᠬᠦᠶᠢᠨ ᠭᠠᠷ ᠤᠲᠠᠰᠤ | ᠦᠵᠡᠭᠰᠡᠨ ᠴᠦ ᠲᠡᠷᠡ᠂ ᠲᠣᠯᠣᠭᠠᠢ ᠭᠡᠳᠡᠶᠢᠯᠭᠡᠨ ᠭᠠᠷ ᠤᠲᠠᠰᠤ ᠦᠵᠡᠭᠰᠡᠨ ᠴᠦ ᠲᠡᠷᠡ᠂ ᠪᠦᠷ ᠪᠤᠯᠴᠢᠩ ᠤᠨ ᠵᠦᠳᠡᠷᠡᠯ ᠤᠨ ᠭᠡᠮᠲᠦᠯ ᠢ ᠠᠪᠴᠢᠷᠠᠵᠤ ᠮᠡᠳᠡᠨ᠎ᠡ᠃ | ᠬᠦᠵᠦᠭᠦᠦ ᠰᠡᠭᠡᠷ ᠢᠶᠠᠨ ᠬᠠᠮᠠᠭᠠᠯᠠᠶ᠎ᠠ ᠭᠡᠪᠡᠯ ᠳᠣᠣᠷᠠᠬᠢ ᠵᠣᠷ ᠢ ᠬᠡᠷᠡᠭᠯᠡᠭᠡᠷᠡᠢ | ᠡᠳᠦᠷ ᠲᠤᠲᠤᠮ ᠤᠨ ᠠᠮᠢᠳᠤᠷᠠᠯ ᠤᠨ ᠳᠤᠮᠳᠠ ᠪᠠᠨ ᠬᠦᠵᠦᠭᠦᠦ ᠰᠡᠭᠡᠷ ᠢᠶᠠᠨ ᠵᠥᠪ ᠬᠠᠮᠠᠭᠠᠯᠠᠬᠤ ᠳᠤ ︽ᠥᠩᠭᠡᠨ ᠲᠠᠯ᠎ᠠ ᠶᠢ ᠵᠠᠰᠠᠬᠤ︾ ᠮᠥᠷᠲᠡᠭᠡᠨ ᠪᠠᠰᠠ | ᠦᠨᠳᠦᠰᠦ ᠶᠢ ᠨᠢ ᠵᠠᠰᠠᠬᠤ ᠬᠡᠷᠡᠭᠲᠡᠢ᠃ ᠳᠣᠣᠷ᠎ᠠ ᠭᠤᠷᠪᠠᠨ ᠵᠦᠢᠯ ᠢ ᠰᠠᠨᠠᠭᠤᠯᠤᠶ᠎ᠠ︕ | ᠤᠷᠲᠤ ᠬᠤᠭᠤᠴᠠᠭ᠎ᠠ ᠪᠠᠷ ᠲᠣᠯᠣᠭᠠᠢ ᠪᠥᠬᠦᠶᠢᠬᠦ ᠠᠴᠠ ᠵᠠᠶᠢᠯᠠᠰᠬᠢᠬᠦ ᠬᠡᠷᠡᠭᠲᠡᠢ᠄ ᠤᠷᠢᠳ ᠢᠶᠠᠷ ᠤᠷᠲᠤ ᠬᠤᠭᠤᠴᠠᠭ᠎ᠠ ᠪᠠᠷ ᠲᠣᠯᠣᠭᠠᠢ ᠪᠥᠬᠦᠶᠢᠬᠦ ᠠᠴᠠ | ᠵᠠᠶᠢᠯᠠᠰᠬᠢᠵᠦ᠂ ᠵᠣᠬᠢᠰᠲᠠᠢ ᠠᠮᠠᠷᠠᠬᠤ ᠬᠡᠷᠡᠭᠲᠡᠢ᠂ ᠵᠢᠱᠢᠶᠡᠯᠡᠪᠡᠯ ᠲᠣᠯᠣᠭᠠᠢ ᠪᠥᠬᠦᠶᠢᠨ ᠬᠠᠭᠠᠰ ᠴᠠᠭ ᠠᠵᠢᠯᠯᠠᠪᠠᠯ ᠲᠣᠯᠣᠭᠠᠢ ᠪᠠᠨ ᠡᠷᠭᠦᠨ ᠰᠤᠯᠠ ᠲᠠᠯᠪᠢᠵᠤ᠂ | ᠬᠦᠵᠦᠭᠦᠦ ᠰᠡᠭᠡᠷ ᠢᠶᠠᠨ ᠬᠥᠳᠡᠯᠭᠡᠵᠦ᠂ ᠬᠦᠵᠦᠭᠦᠦ ᠰᠡᠭᠡᠷ ᠢ ᠤᠷᠲᠤ ᠬᠤᠭᠤᠴᠠᠭ᠎ᠠ ᠪᠠᠷ ᠥᠨᠳᠥᠷ ᠳᠠᠷᠤᠯᠲᠠ ᠶᠢᠨ ᠪᠠᠶᠢᠳᠠᠯ ᠳᠤ ᠪᠠᠶᠢᠯᠭᠠᠵᠤ ᠪᠤᠯᠬᠤ ᠦᠭᠡᠢ᠃ | ᠡᠳᠦᠷ ᠲᠤᠲᠤᠮ ᠳᠠᠭᠠᠨ ︽米ᠦᠰᠦᠭ ᠤᠨ ᠲᠠᠮᠢᠷ︾ ᠢᠶᠠᠷ ᠬᠦᠵᠦᠭᠦᠨ ᠤ ᠬᠡᠰᠡᠭ ᠤᠨ ᠪᠤᠯᠴᠢᠩ ᠢ ᠪᠤᠯᠪᠠᠰᠤᠷᠠᠭᠤᠯᠵᠤ᠂ ᠬᠦᠵᠦᠭᠦᠦ ᠰᠡᠭᠡᠷ ᠢ ᠡᠮᠦᠨ᠎ᠡ᠂ | ᠬᠤᠶᠢᠨ᠎ᠠ᠂ ᠵᠡᠭᠦᠨ᠂ ᠪᠠᠷᠠᠭᠤᠨ ᠡᠯ᠎ᠡ ᠴᠢᠭᠯᠡᠯ ᠢᠶᠠᠷ ᠬᠥᠳᠡᠯᠭᠡᠭᠡᠨ ᠬᠢᠯᠭᠡᠨ᠎ᠡ᠂ ᠰᠠᠨᠠᠭᠤᠯᠬᠤ ᠴᠢᠬᠤᠯᠠ ᠲᠠᠢ ᠨᠢ᠂ ᠳᠤᠰ ᠲᠠᠮᠢᠷ ᠢ ᠬᠢᠬᠦ ᠳᠡᠭᠡᠨ ᠬᠤᠷᠳᠤᠴᠠ ᠶᠢ ᠬᠡᠲᠦᠷᠬᠡᠢ | ᠲᠦᠷᠭᠡᠨ ᠪᠠᠶᠢᠯᠭᠠᠵᠤ ᠪᠤᠯᠬᠤ ᠦᠭᠡᠢ᠂ ᠪᠤᠯᠴᠢᠩ ᠮᠢᠬ᠎ᠠ ᠶᠢ ᠭᠡᠮᠲᠦᠭᠡᠬᠦ ᠠᠴᠠ ᠰᠡᠷᠭᠡᠶᠢᠯᠡᠨ᠎ᠡ᠃ ︽ᠦᠡᠭᠭᠡᠨ ᠲᠠᠯ᠎ᠠ ᠶᠢ ᠨᠢ ᠵᠠᠰᠠᠬᠤ︾ ᠳᠤ ᠲᠤᠰᠠ ᠪᠤᠯᠬᠤ ᠶᠤᠮ᠃ | ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠶᠢ ᠨᠡᠮᠡᠭᠳᠡᠭᠦᠯᠬᠦ᠄ ︽ᠦᠨᠳᠦᠰᠦ ᠶᠢ ᠨᠢ ᠵᠠᠰᠠᠬᠤ︾ ᠭᠡᠪᠡᠯ᠂ ᠡᠷᠬᠡᠪᠰᠢ ᠦᠨᠳᠦᠰᠦ ᠰᠤᠷᠪᠤᠯᠵᠢ ᠠᠴᠠ ᠨᠢ ᠡᠬᠢᠯᠡᠨ | ᠪᠣᠯᠪᠠᠰᠤᠷᠠᠯ ᠢᠶᠠᠷ ᠳᠠᠮᠵᠢᠭᠤᠯᠤᠨ ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠶᠢ ᠴᠢᠩᠭᠠᠳᠬᠠᠬᠤ ᠬᠡᠷᠡᠭᠲᠡᠢ᠃ ᠥᠲᠥᠨ ᠪᠥᠮᠪᠦᠭᠡ᠂ ᠮᠡᠯᠡᠬᠡᠢ ᠤᠮᠪᠠᠯᠲᠠ ᠵᠡᠷᠭᠡ | ᠲᠠᠮᠢᠷ ᠤᠨ ᠬᠥᠳᠡᠯᠭᠡᠭᠡᠨ ᠢᠶᠠᠷ ᠳᠠᠮᠵᠢᠭᠤᠯᠤᠨ ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠶᠢ ᠨᠡᠮᠡᠭᠳᠡᠭᠦᠯᠵᠦ ᠪᠣᠯᠣᠨ᠎ᠠ᠃ | ᠬᠦᠵᠦᠭᠦᠦ ᠰᠡᠭᠡᠷ ᠢᠶᠠᠨ ᠳᠤᠯᠠᠭᠠᠯᠠᠬᠤ ᠶᠢ ᠠᠩᠬᠠᠷᠬᠤ᠄ ᠬᠦᠵᠦᠭᠦᠦ ᠰᠡᠭᠡᠷ ᠢᠶᠠᠨ ᠳᠤᠯᠠᠭᠠᠯᠠᠬᠤ ᠶᠢ ᠠᠩᠬᠠᠷᠬᠤ ᠬᠡᠷᠡᠭᠲᠡᠢ᠂ ᠪᠢᠲᠡᠭᠡᠢ ᠰᠦᠯᠵᠢᠶᠡᠨ ᠳᠤ ᠭᠠᠷᠴᠤ | ᠪᠢᠴᠢᠯ ᠪᠦᠷᠭᠡ ᠨᠡᠬᠡᠭᠡᠳ ᠯᠡ ᠪᠠᠶᠢᠭᠠᠷᠠᠢ᠂ ᠬᠠᠷᠢᠨ ᠥᠪᠡᠷ ᠤᠨ ᠬᠦᠵᠦᠭᠦᠦ ᠪᠠᠨ ᠰᠠᠶᠢᠲᠤᠷ ᠳᠤᠯᠠᠭᠠᠯᠠᠵᠤ᠂ ᠲᠠᠭᠠᠷᠠᠵᠤ ᠵᠢᠩᠭᠢᠨᠡᠬᠦ ᠠᠴᠠ ᠬᠢᠴᠢᠶᠡᠬᠦ ᠬᠡᠷᠡᠭᠲᠡᠢ᠃ |