ᠤᠷᠮ᠎ᠠ ᠰᠡᠳᠬᠢᠯᠭᠡ ᠠᠨᠠᠢ ᠳᠠᠷᠤᠯᠲᠠ ᠶᠡᠭᠡ ᠪᠣᠯ ᠵᠢᠷᠦᠬᠡᠨ ᠤ ᠡᠷᠡᠭᠦᠯ ᠴᠢᠭᠢᠷᠠᠭ ᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2025/2/14
       2023 ᠣᠨ ᠤ ᠠᠮᠧᠷᠢᠺᠠ ᠶᠢᠨ ᠵᠢᠷᠦᠬᠡᠨ ᠤ ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠣᠨ ᠤ ᠬᠤᠷᠠᠯ  ᠳᠡᠭᠡᠷ᠎ᠡ ᠨᠡᠶᠢᠲᠡᠯᠡᠬᠦ ᠭᠡᠵᠦ ᠪᠠᠶᠢᠭ᠎ᠠ ᠬᠤᠶᠠᠷ ᠵᠦᠢᠯ ᠤᠨ ᠠᠩᠬ᠎ᠠ ᠠᠯᠬᠤᠮ ᠤᠨ ᠰᠤᠳᠤᠯᠭᠠᠨ ᠢ ᠦᠨᠳᠦᠰᠦᠯᠡᠪᠡᠯ᠂  ᠵᠢᠷᠦᠬᠡ ᠪᠠ ᠶᠡᠭᠡ ᠲᠠᠷᠢᠬᠢ ᠨᠢᠭᠲᠠ ᠬᠤᠯᠪᠣᠯᠳᠤᠵᠤ᠂ ᠭᠠᠩᠰᠠᠷᠠᠬᠤ᠂ ᠵᠣᠪᠠᠨᠢᠬᠤ ᠪᠠ ᠤᠳᠠᠭᠠᠨ ᠴᠢᠨᠠᠷᠲᠠᠢ ᠳᠠᠷᠤᠯᠲᠠ ᠨᠢ ᠴᠥᠮ ᠵᠢᠷᠦᠬᠡ ᠪᠠ ᠶᠡᠭᠡ ᠲᠠᠷᠢᠬᠢᠨ ᠤ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠬᠦ ᠪᠣᠯᠣᠨ᠎ᠠ᠃          ᠬᠤᠶᠠᠷ ᠵᠦᠢᠯ ᠤᠨ ᠰᠢᠨ᠎ᠡ ᠰᠤᠳᠤᠯᠭᠠᠨ ᠤ ᠳᠤᠮᠳᠠ᠂ ᠰᠤᠳᠤᠯᠭᠠᠨ ᠤ ᠠᠵᠢᠯᠲᠠᠨ ᠨᠢᠭᠡ ᠬᠥᠮᠥᠨ ᠤ  ᠰᠡᠳᠬᠢᠴᠡ ᠶᠢᠨ ᠪᠠᠶᠢᠳᠠᠯ ᠤᠨ ᠵᠢᠷᠦᠬᠡᠨ ᠤ ᠡᠷᠡᠭᠦᠯ ᠮᠡᠨᠳᠦ ᠳᠤ ᠦᠵᠡᠭᠦᠯᠭᠦ ᠨᠥᠯᠥᠭᠡᠨ ᠤ ᠬᠡᠮᠵᠢᠶ᠎ᠡ ᠶᠢ ᠵᠠᠳᠠᠯᠪᠠ᠃ ᠨᠢᠭᠡᠳᠦᠭᠡᠷ ᠰᠤᠳᠤᠯᠭᠠᠨ ᠳᠤ ᠣᠶᠤᠨ ᠰᠠᠨᠠᠭᠠᠨ ᠤ ᠪᠠᠶᠢᠳᠠᠯ ᠨᠢ ᠵᠢᠷᠦᠬᠡᠨ ᠤ ᠡᠷᠡᠭᠦᠯ ᠮᠡᠨᠳᠦ ᠶᠢ ᠨᠥᠯᠥᠭᠡᠯᠡᠬᠦ  ᠲᠣᠭᠲᠠᠴᠠ ᠶᠢ ᠰᠤᠳᠤᠯᠵᠠᠢ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠵᠣᠪᠠᠨᠢᠯ ᠪᠠ ᠭᠠᠩᠰᠠᠷᠠᠯ ᠨᠢ ᠵᠢᠷᠦᠬᠡ  ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢᠨ ᠰᠢᠨ᠎ᠡ ᠬᠦᠴᠦᠨ ᠵᠦᠢᠯ ᠤᠨ ᠬᠥᠭᠵᠢᠯᠲᠡ ᠶᠢ ᠲᠦᠷᠭᠡᠳᠬᠡᠵᠡᠢ᠃ 38%᠎ ᠶᠢᠨ ᠰᠤᠳᠤᠯᠭᠠᠨ ᠳᠤ ᠣᠷᠣᠯᠴᠠᠭᠴᠢ ᠳᠠᠭᠠᠵᠤ ᠰᠤᠷᠪᠤᠯᠵᠢᠯᠠᠬᠤ ᠬᠤᠭᠤᠴᠠᠭᠠᠨ ᠳᠤ ᠵᠢᠷᠦᠬᠡ ᠴᠢᠰᠤᠨ  ᠰᠤᠳᠠᠯ ᠤᠨ ᠠᠶᠤᠯᠲᠤ ᠰᠢᠨ᠎ᠡ ᠡᠯᠧᠮᠧᠨ᠋ᠲ ᠢᠯᠡᠷᠡᠪᠡ᠂ ᠵᠢᠱᠢᠶᠡᠯᠡᠪᠡᠯ ᠴᠢᠰᠤᠨ ᠳᠠᠷᠤᠯᠲᠠ ᠥᠨᠳᠥᠷ᠂ ᠰᠥᠰᠥᠨ ᠤ  ᠭᠤᠨᠠᠨ ᠠᠯᠺᠤᠣᠯ ᠥᠨᠳᠥᠷ ᠪᠤᠶᠤⅡᠭᠡᠯᠪᠡᠷᠢ ᠶᠢᠨ ᠰᠢᠬᠢᠷ ᠰᠢᠵᠢᠩ ᠡᠪᠡᠳᠴᠢᠨ ᠵᠡᠷᠭᠡ ᠪᠣᠯᠣᠨ᠎ᠠ᠃ ᠭᠠᠩᠰᠠᠷᠠᠬᠤ ᠪᠠ  ᠵᠣᠪᠠᠨᠢᠬᠤ ᠨᠢ ᠵᠢᠷᠦᠬᠡᠨ ᠡᠪᠡᠳᠴᠢᠨ ᠪᠤᠶᠤ ᠰᠠ ᠡᠪᠡᠳᠴᠢᠨ ᠵᠡᠷᠭᠡ ᠬᠦᠨᠳᠦ ᠶᠡᠭᠡ ᠵᠢᠷᠦᠬᠡ ᠴᠢᠰᠤᠨ ᠰᠤᠳᠠᠯ ᠤᠨ  ᠡᠪᠡᠳᠴᠢᠨ ᠤ ᠲᠦᠭᠰᠢᠭᠦᠷᠢ ᠶᠢ ᠪᠠᠷᠤᠭ 35%᠎ ᠪᠠᠷ ᠨᠡᠮᠡᠭᠳᠡᠭᠦᠯᠦᠨ᠎ᠡ᠃ ᠨᠡᠯᠢᠶᠡᠳ ᠥᠨᠳᠥᠷ ᠳᠠᠷᠤᠯᠲᠠ ᠲᠠᠢ  ᠤᠳᠤᠮᠰᠢᠯ ᠤᠨ ᠬᠠᠨᠳᠤᠰᠢ ᠲᠠᠢ ᠬᠥᠮᠥᠨ ᠵᠠᠯᠠᠭᠤ ᠶᠢᠨ ᠦᠶ᠎ᠡ ᠳᠡᠭᠡᠨ ᠳᠠᠷᠤᠢ ᠠᠩᠬᠠᠳᠠᠭᠴᠢ ᠵᠢᠷᠦᠬᠡ ᠴᠢᠰᠤᠨ  ᠰᠤᠳᠠᠯ ᠤᠨ ᠠᠶᠤᠯᠲᠤ ᠡᠯᠧᠮᠧᠨ᠋ᠲ ︵ᠤᠳᠤᠮᠰᠢᠯ ᠤᠨ ᠲᠡᠮᠳᠡᠭ ᠦᠭᠡᠢ ᠬᠥᠮᠥᠨ ᠠᠴᠠ ᠳᠤᠮᠳᠠᠴᠢ ᠪᠠᠷ 1.5 ᠵᠢᠯ  ᠡᠷᠲᠡ︶ ᠢᠯᠡᠷᠡᠵᠡᠢ᠃          ᠨᠥᠭᠦᠭᠡ ᠨᠢᠭᠡ ᠰᠤᠳᠤᠯᠭᠠᠨ ᠤ ᠳᠤᠮᠳᠠ᠂ ᠰᠤᠳᠤᠯᠭᠠᠨ ᠤ ᠠᠵᠢᠯᠲᠠᠨ ᠬᠤᠷᠠᠮᠳᠤᠯ ᠳᠠᠷᠤᠯᠲᠠ ᠶᠢᠨ ᠵᠢᠷᠦᠬᠡ ᠪᠠ  ᠶᠡᠭᠡ ᠲᠠᠷᠢᠬᠢᠨ ᠤ ᠡᠷᠡᠭᠦᠯ ᠮᠡᠨᠳᠦ ᠳᠤ ᠦᠵᠡᠭᠦᠯᠭᠦ ᠨᠥᠯᠥᠭᠡ ᠶᠢ ᠬᠠᠶᠢᠨ ᠰᠤᠳᠤᠯᠪᠠ᠃ ᠨᠢᠭᠡ ᠰᠠᠷ᠎ᠠ ᠶᠢᠨ  ᠬᠤᠭᠤᠴᠠᠭᠠᠨ ᠳᠤ᠂ ᠰᠤᠳᠤᠯᠭᠠᠨ ᠤ ᠠᠵᠢᠯᠲᠠᠨ ᠡᠩ ᠤᠨ ᠴᠢᠨᠠᠷᠲᠠᠢ ᠡᠳᠦᠷ ᠲᠤᠲᠤᠮ ᠤᠨ ᠳᠠᠷᠤᠯᠲᠠ᠂ ᠨᠡᠶᠢᠭᠡᠮ ᠤᠨ  ᠰᠡᠳᠬᠢᠴᠡ ᠶᠢᠨ ᠳᠠᠷᠤᠯᠲᠠ᠂ ᠠᠵᠤ ᠠᠬᠤᠢ ᠶᠢᠨ ᠳᠠᠷᠤᠯᠲᠠ ᠪᠠ ᠬᠥᠷᠰᠢ ᠵᠡᠷᠭᠡᠯᠡᠳᠡᠭᠡ ᠶᠢᠨ ᠬᠢᠨ ᠤ ᠮᠡᠳᠡᠷᠡᠵᠦ  ᠪᠠᠶᠢᠭ᠎ᠠ ᠳᠠᠷᠤᠯᠲᠠ ᠶᠢ ︽ᠬᠤᠷᠠᠮᠳᠤᠯ ᠳᠠᠷᠤᠯᠲᠠ ᠶᠢᠨ ᠬᠤᠪᠢ︾᠎ ᠳᠤ ᠨᠡᠶᠢᠯᠡᠭᠦᠯᠦᠨ ᠣᠷᠣᠭᠤᠯᠤᠭᠰᠠᠨ ᠪᠠᠶᠢᠨ᠎ᠠ᠃  ᠴᠢᠰᠤᠨ ᠳᠠᠷᠤᠯᠲᠠ ᠥᠨᠳᠥᠷ᠂ ᠰᠥᠰᠥᠨ ᠤ ᠭᠤᠨᠠᠨ ᠠᠯᠺᠤᠣᠯ ᠥᠨᠳᠥᠷ᠂ ᠲᠠᠮᠠᠬᠢ ᠲᠠᠲᠠᠬᠤ ᠪᠠⅡᠭᠡᠯᠪᠡᠷᠢ ᠶᠢᠨ ᠰᠢᠬᠢᠷ ᠰᠢᠵᠢᠩ ᠡᠪᠡᠳᠴᠢᠨ ᠵᠡᠷᠭᠡ ᠲᠦᠭᠰᠢᠭᠦᠷᠢᠲᠦ ᠡᠯᠧᠮᠧᠨ᠋ᠲ ᠵᠢᠴᠢ ᠣᠷᠣᠯᠭ᠎ᠠ ᠪᠠ ᠰᠤᠷᠭᠠᠨ ᠬᠥᠮᠦᠵᠢᠯ ᠤᠨ  ᠡᠯᠧᠮᠧᠨ᠋ᠲ ᠢ ᠲᠣᠬᠢᠷᠠᠭᠤᠯᠤᠭᠰᠠᠨ ᠤ ᠳᠠᠷᠠᠭ᠎ᠠ᠂ ᠰᠤᠳᠤᠯᠭᠠᠨ ᠤ ᠠᠵᠢᠯᠲᠠᠨ ᠤ ᠢᠯᠡᠷᠡᠭᠦᠯᠦᠭᠰᠡᠨ ᠢᠶᠠᠷ᠂ ᠬᠤᠷᠠᠮᠳᠤᠭᠰᠠᠨ  ᠳᠠᠷᠤᠯᠲᠠ ᠨᠡᠮᠡᠭᠳᠡᠪᠡᠯ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠲᠦᠭᠰᠢᠭᠦᠷᠢ ᠶᠢ 22% ᠨᠡᠮᠡᠭᠳᠡᠭᠦᠯᠵᠦ᠂ ᠵᠢᠷᠦᠬᠡ ᠴᠢᠰᠤᠨ ᠰᠤᠳᠠᠯ ᠤᠨ ᠡᠪᠡᠳᠴᠢᠨ ᠤ ᠶᠡᠷᠦᠩᠬᠡᠢ ᠲᠦᠭᠰᠢᠭᠦᠷᠢ ᠶᠢ 20% ᠨᠡᠮᠡᠭᠳᠡᠭᠦᠯᠵᠦ ᠮᠡᠳᠡᠨ᠎ᠡ᠃  ᠥᠨᠳᠥᠷ ᠬᠤᠪᠢ ᠣᠯᠣᠭᠰᠠᠨ ᠬᠥᠮᠥᠰ  ᠪᠠᠰᠠ ᠴᠢᠰᠤᠨ ᠳᠠᠷᠤᠯᠲᠠ ᠥᠨᠳᠥᠷ᠂ ᠬᠦᠨᠳᠦ ᠬᠡᠲᠦᠷᠡᠭᠰᠡᠨ᠂ ᠲᠠᠮᠢᠷ ᠤᠨ  ᠬᠥᠳᠡᠯᠭᠡᠭᠡᠨ ᠳᠤᠲᠠᠮᠠᠭ  ᠪᠠ ᠲᠠᠮᠠᠬᠢ ᠲᠠᠲᠠᠭᠰᠠᠨ  ᠲᠠᠢ ᠬᠤᠯᠪᠤᠭ᠎ᠠ ᠲᠠᠢ᠃       ᠵᠠᠳᠠᠯᠤᠯᠲᠠ ᠠᠴᠠ ᠦᠵᠡᠪᠡᠯ᠂ ᠦᠷᠭᠦᠯᠵᠢᠯᠡᠭᠰᠡᠨ ᠳᠠᠷᠤᠯᠲᠠ ᠨᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ  ᠳᠡᠮᠵᠢᠨ ᠵᠢᠷᠦᠬᠡ ᠪᠠ ᠶᠡᠭᠡ ᠲᠠᠷᠢᠬᠢᠨ ᠤ ᠡᠷᠡᠭᠦᠯ ᠮᠡᠨᠳᠦ ᠶᠢᠨ ᠪᠠᠶᠢᠳᠠᠯ ᠢ ᠮᠠᠭᠤᠳᠠᠭᠤᠯᠬᠤ ᠲᠦᠭᠰᠢᠭᠦᠷᠢ ᠶᠢ  ᠨᠡᠮᠡᠭᠳᠡᠭᠦᠯᠳᠡᠭ᠄ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠢᠭᠤᠳ ᠨᠥᠯᠥᠭᠡᠯᠡᠬᠦ ᠵᠢᠴᠢ ᠡᠷᠡᠭᠦᠯ ᠪᠤᠰᠤ  ᠠᠮᠢᠳᠤᠷᠠᠯ ᠤᠨ ᠠᠷᠭ᠎ᠠ ᠮᠠᠶ᠋ᠢᠭ ︵ᠲᠠᠮᠠᠬᠢ ᠲᠠᠲᠠᠬᠤ᠂ ᠤᠳᠠᠭᠠᠨ ᠰᠠᠭᠤᠬᠤ ᠵᠡᠷᠭᠡ︶ ᠎ ᠨᠢ ᠳᠠᠮ ᠢᠶᠠᠷ ᠵᠢᠷᠦᠬᠡ ᠴᠢᠰᠤᠨ  ᠰᠤᠳᠠᠯ ᠤᠨ ᠡᠷᠡᠭᠦᠯ ᠮᠡᠨᠳᠦ ᠶᠢᠨ ᠪᠠᠶᠢᠳᠠᠯ ᠢ ᠮᠠᠭᠤᠳᠠᠭᠤᠯᠬᠤ ᠪᠣᠯᠣᠨ᠎ᠠ᠃   
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ