ᠠᠷᠠᠳ ᠤᠨ ᠶᠠᠪᠤᠳᠠᠯ ᠤᠨ ᠲᠢᠩᠬᠢᠮ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠨᠠᠭᠠᠳᠦ ᠵᠠᠬ᠎ᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠬᠢᠨᠠᠮᠠᠭᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2025/2/14
       ᠨᠢᠭᠡ ᠳᠤ᠂ ᠬᠦᠴᠢᠷᠳᠡᠯᠲᠡᠶ ᠣᠯᠠᠨ ᠲᠦᠮᠡᠨ ᠤ 1 — 2 ᠳ᠋ᠤᠭᠠᠷ ᠰᠠᠷ᠎ᠠ ᠶᠢᠨ ᠠᠪᠤᠷᠠᠨ ᠲᠤᠰᠠᠯᠠᠬᠤ ᠪᠠᠯᠠ ᠮᠥᠩᠭᠦ ᠶᠢ ᠤᠷᠢᠳᠴᠢᠯᠠᠨ ᠣᠯᠭᠤᠪᠠ᠃ 1 ᠳ᠋ᠦ᠋ᠭᠡᠷ ᠰᠠᠷ᠎ᠠ ᠶᠢᠨ 24 ᠤ ᠡᠳᠦᠷ ᠪᠣᠯᠲᠠᠯ᠎ᠠ᠂ ᠮᠠᠨ ᠤ ᠣᠷᠣᠨ ᠬᠦᠴᠢᠷᠳᠡᠯᠲᠡᠶ ᠣᠯᠠᠨ ᠲᠦᠮᠡᠨ ᠳᠤ ᠨᠢᠭᠡ ᠯᠡ ᠤᠳᠠᠭ᠎ᠠ ᠳᠤ 470.5 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠵᠤ᠂ 4705 ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ︔ ᠳᠤᠯᠠᠭᠠᠯᠠᠭ᠎ᠠ ᠶᠢᠨ ᠠᠪᠤᠷᠠᠨ ᠲᠤᠰᠠᠯᠠᠬᠤ ᠪᠠᠯᠠ ᠮᠥᠩᠭᠦ ᠶᠢ 4222.41 ᠲᠦᠮᠡᠨ ᠲᠥᠭᠦᠷᠢᠭ ᠲᠠᠷᠬᠠᠭᠠᠵᠤ᠂ 6.17 ᠲᠦᠮᠡᠨ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ 87245.64 ᠲᠦᠮᠡᠨ ᠲᠥᠭᠦᠷᠢᠭ ᠲᠠᠷᠬᠠᠭᠠᠵᠤ᠂ 160.2 ᠲᠦᠮᠡᠨ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠣᠨᠴᠠ ᠬᠦᠴᠢᠷᠳᠡᠯᠲᠡᠶ ᠪᠠᠯᠠ ᠮᠥᠩᠭᠦ ᠶᠢ 15132.19 ᠲᠦᠮᠡᠨ ᠲᠥᠭᠦᠷᠢᠭ ᠲᠠᠷᠬᠠᠭᠠᠵᠤ᠂ 10.15 ᠲᠦᠮᠡᠨ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ᠃ ᠬᠤᠶᠠᠷ ᠲᠤ᠂ ᠲᠦᠷ ᠴᠠᠭ ᠤᠨ ᠠᠪᠤᠷᠠᠨ ᠲᠤᠰᠠᠯᠠᠬᠤ ᠦᠢᠯᠡᠳᠦᠯ ᠢ ᠪᠠᠳᠠᠷᠠᠭᠤᠯᠪᠠ᠃ 37631 ᠡᠷᠦᠬᠡ ᠭᠤᠣᠯᠳᠠᠯᠭ᠎ᠠ ᠪᠣᠯᠬᠤ ᠬᠥᠮᠦᠰ ᠢ ᠰᠤᠷᠪᠤᠯᠵᠢᠯᠠᠵᠤ᠂ ᠲᠠᠷᠠᠬᠠᠶ ᠪᠤᠲᠠᠷᠬᠠᠶ ᠣᠨᠴᠠ ᠬᠦᠴᠢᠷᠳᠡᠯᠲᠡᠶ 11936 ᠬᠥᠮᠦᠰ ᠢ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ 399 ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠪᠡ︔ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ 5642.5 ᠲᠦᠮᠡᠨ ᠲᠥᠭᠦᠷᠢᠭ ᠵᠠᠷᠤᠴᠠᠭᠤᠯᠵᠤ᠂ 2.35 ᠲᠦᠮᠡᠨ ᠬᠥᠮᠦᠨ ᠤᠳᠠᠭ᠎ᠠ ᠶᠢ ᠲᠦᠷ ᠴᠠᠭ ᠠᠪᠤᠷᠠᠨ ᠲᠤᠰᠠᠯᠠᠪᠠ᠃ ᠭᠤᠷᠪᠠ ᠳᠤ᠂ ᠰᠤᠷᠪᠤᠯᠵᠢᠯᠠᠨ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠪᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ 9802 ᠡᠷᠦᠬᠡ ᠂ ᠣᠨᠴᠠ ᠬᠦᠴᠢᠷᠳᠡᠯᠲᠡᠶ 2102 ᠡᠷᠦᠬᠡ ᠶᠢ ᠪᠣᠯᠭᠤᠭᠠᠨ ᠲᠣᠬᠤᠨᠢᠭᠤᠯᠵᠤ᠂ 654.09 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠲᠠᠷᠬᠠᠭᠠᠪᠠ᠃ ︵ᠠᠷᠠᠳ ᠤᠨ ᠶᠠᠪᠤᠳᠠᠯ ᠤᠨ ᠲᠢᠩᠬᠢᠮ︶    
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ