ᠨᠢᠭᠡ ᠳᠤ᠂ ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠎ᠠ᠃ ᠠᠵᠢᠯ ᠤᠨ ᠲᠤᠰᠬᠠᠢ ᠠᠩᠭᠢ ᠵᠢᠴᠢ ᠲᠤᠰᠬᠠᠢ ᠠᠵᠢᠯ ᠤᠨ ᠵᠢᠷᠭᠤᠭᠠᠨ | ᠳᠤᠭᠤᠶᠢᠯᠠᠩ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠲᠥᠷᠥᠯ ᠵᠦᠢᠯ ᠤᠨ ᠲᠥᠯᠥᠪᠵᠢᠭᠦᠯᠭᠡ ᠵᠡᠷᠭᠡ ᠶᠢ ᠰᠠᠶᠢᠲᠤᠷ ᠬᠢᠨ᠎ᠡ᠃ ᠬᠤᠶᠠᠷ ᠲᠤ᠂ | ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠲᠥᠰᠥᠯ ᠢ ᠲᠣᠭᠲᠠᠭᠠᠵᠤ᠂ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ ᠢ ᠲᠣᠳᠣᠷᠬᠠᠶᠢᠯᠠᠨ᠎ᠠ᠃ ᠭᠤᠷᠪᠠ ᠳᠤ᠂ ᠪᠢᠲᠡᠭᠦᠦ ᠴᠠᠭᠠᠷᠢᠭ ᠤᠨ ᠡᠵᠡᠮᠰᠢᠯ ᠢᠶᠠᠷ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠨᠠᠷᠢᠨ | ᠳᠠᠩᠰᠠᠴᠢᠯᠠᠭᠰᠠᠨ ᠪᠢᠲᠡᠭᠦᠦ ᠴᠠᠭᠠᠷᠢᠭ ᠤᠨ ᠡᠵᠡᠮᠰᠢᠯ ᠢᠶᠠᠷ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠰᠠᠷ᠎ᠠ ᠪᠠᠷ ᠲᠣᠬᠢᠷᠠᠭᠤᠯᠬᠤ᠂ ᠤᠯᠠᠷᠢᠯ ᠢᠶᠠᠷ | ᠮᠡᠳᠡᠭᠦᠯᠬᠦ᠂ ᠬᠠᠭᠠᠰ ᠵᠢᠯ ᠤᠨ ᠪᠠ ᠵᠢᠯ ᠤᠨ ᠡᠴᠦᠰ ᠤᠨ ᠳ᠋ᠦᠩᠨᠡᠯᠲᠡ ᠬᠢᠬᠦ ᠵᠡᠷᠭᠡ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ 2025 ᠣᠨ ᠳᠤ ᠪᠥᠬᠦ | ᠠᠶᠢᠮᠠᠭ ᠤᠨ ᠬᠢᠨ ᠠᠶᠢᠮᠠᠭ ᠤᠨ ᠲᠠᠰ ᠤᠨ ᠭᠤᠣᠯᠳᠠᠯᠭ᠎ᠠ ᠪᠣᠯᠬᠤ 200 ᠲᠥᠷᠥᠯ ᠵᠦᠢᠯ ᠢ ᠬᠡᠷᠡᠭᠵᠢᠭᠦᠯᠬᠦ ᠪᠠᠷ ᠤᠬᠠᠭᠠᠯᠠᠨ ᠲᠥᠯᠥᠪᠵᠢᠭᠦᠯᠵᠦ᠂ ᠭᠦᠢᠴᠡᠳᠬᠡᠪᠡᠰᠦ | ᠵᠣᠬᠢᠬᠤ ᠭᠠᠷᠳᠠᠮ 461 ᠪᠠᠶᠢᠵᠤ᠂ ᠣᠳᠣᠬᠠᠨ ᠳᠤ ᠨᠢᠭᠡᠨᠲᠡ 173 ᠶᠢ ᠨᠢ ᠭᠦᠢᠴᠡᠳᠬᠡᠨ ᠳᠠᠭᠤᠰᠬᠠᠵᠤ᠂ ᠭᠦᠢᠴᠡᠳᠬᠡᠭᠰᠡᠨ ᠨᠣᠷᠮ᠎ᠠ ᠨᠢ 37.5% ᠳᠤ ᠬᠦᠷᠴᠡᠢ | ︔ 117 ᠲᠥᠷᠥᠯ ᠵᠦᠢᠯ ᠤᠨ ᠭᠠᠷᠳᠠᠮ ᠢ ᠨᠢᠭᠡᠨᠲᠡ ᠪᠦᠷᠢᠳᠦᠭᠦᠯᠵᠦ᠂ ᠪᠦᠷᠢᠳᠦᠭᠦᠯᠦᠭᠰᠡᠨ ᠨᠣᠷᠮ᠎ᠠ ᠨᠢ 58.5% ᠪᠣᠯᠵᠠᠢ᠃ ᠨᠢᠭᠡᠳᠦᠭᠡᠷ ᠤᠯᠠᠷᠢᠯ ᠳᠤ 59.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠶᠢ 15% ᠳᠤ ᠬᠦᠷᠦᠭᠦᠯᠵᠦ᠂ ᠣᠨ ᠤ ᠪᠡᠯᠡ | ᠣᠷᠣᠭᠤᠯᠤᠯᠲᠠ ᠶᠢ 540 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠨᠡᠮᠡᠭᠳᠡᠯ ᠤᠨ ᠬᠤᠷᠳᠤᠴᠠ ᠶᠢ 10% ᠳᠤ ᠬᠦᠷᠦᠭᠦᠯᠬᠦ ᠪᠠᠷ ᠴᠢᠷᠮᠠᠶᠢᠨ᠎ᠠ᠃ ︵ | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶ | |