ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ᠂ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠶᠢ ᠵᠣᠬᠢᠴᠠᠭᠤᠯᠤᠨ | ᠦᠢᠯᠡᠴᠢᠯᠡᠬᠦ᠂ ᠰᠠᠭᠤᠷᠢ ᠮᠥᠩᠭᠦ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠲᠠᠢ ᠪᠠᠷ ᠬᠤᠳᠠᠯᠳᠤᠭᠠᠴᠢᠨ ᠤᠷᠢᠬᠤ᠂ ᠪᠣᠬᠢᠷᠲᠤᠯ ᠥᠬᠡᠶ ᠡᠨᠧᠷᠭᠢ ᠬᠢᠭᠡᠳ | ᠠᠵᠤ ᠦᠢᠯᠡᠰ ᠢ ᠬᠠᠮᠵᠢᠯᠴᠠᠭᠤᠯᠤᠨ ᠨᠡᠭᠡᠭᠡᠨ ᠬᠥᠭᠵᠢᠭᠦᠯᠵᠦ ᠬᠤᠳᠠᠯᠳᠤᠭᠠᠴᠢᠨ ᠤᠷᠢᠬᠤ ᠵᠡᠷᠭᠡ ᠠᠵᠢᠯ ᠤᠳ ᠢ ᠦᠨᠡᠨ ᠬᠦ ᠰᠠᠶᠢᠲᠤᠷ ᠠᠳᠬᠤᠵᠤ᠂ 2025 | ᠣᠨ ᠳᠤ ᠪᠥᠬᠦ ᠬᠤᠲᠠ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 544 ᠬᠡᠷᠡᠭᠵᠢᠭᠦᠯᠬᠦ ᠪᠠᠷ ᠲᠥᠯᠥᠪᠯᠡᠵᠦ᠂ | ᠶᠡᠷᠦᠩᠬᠡᠶ ᠪᠠᠯᠠ ᠣᠷᠣᠭᠤᠯᠤᠯᠲᠠ ᠨᠢ 2607 ᠳ᠋ᠦᠩᠰᠢᠭᠤᠷ ᠲᠥᠭᠦᠷᠢᠭ ᠲᠤ ᠬᠦᠷᠴᠦ᠂ ᠣᠨ ᠳᠤ 703 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ | ᠲᠥᠯᠥᠪᠯᠡᠵᠦ᠂ ᠤᠯᠤᠰ ᠤᠨ ᠳᠣᠲᠣᠭᠠᠳᠤ ᠶᠢᠨ ᠣᠷᠣᠭᠤᠯᠤᠨ ᠠᠪᠴᠢᠷᠠᠬᠤ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 430 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ︽ᠲᠥᠪᠯᠡᠷᠡᠭᠦᠯᠦᠨ ᠬᠢᠨᠠᠨ ᠵᠥᠪᠰᠢᠶᠡᠷᠡᠬᠦ︾ ︽ᠬᠤᠯᠪᠣᠯᠳᠤᠭᠤᠯᠤᠨ ᠬᠢᠨᠠᠨ ᠵᠥᠪᠰᠢᠶᠡᠷᠡᠬᠦ︾ ᠵᠡᠷᠭᠡ ᠬᠡᠪ ᠵᠠᠭᠪᠤᠷ ᠢ | ᠬᠡᠷᠡᠭᠵᠢᠭᠦᠯᠵᠦ᠂ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠵᠠᠩᠭᠢᠯᠠᠭ᠎ᠠ ᠶᠢᠨ ᠴᠢᠨᠠᠷᠲᠠᠶ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠶᠢ | ᠠᠬᠢᠭᠤᠯᠤᠨ᠎ᠠ᠃ ᠣᠳᠣᠬᠠᠨ ᠪᠣᠯᠲᠠᠯ᠎ᠠ᠂ ᠡᠮᠦᠨᠡᠬᠢ ᠬᠤᠭᠤᠴᠠᠭᠠᠨ ᠤ ᠠᠷᠪᠠᠨ ᠵᠦᠢᠯ ᠤᠨ ᠭᠠᠷᠳᠠᠮ ᠢ ᠴᠥᠮ ᠬᠦᠢᠴᠡᠳᠬᠡᠵᠦ ᠳᠠᠭᠤᠰᠬᠠᠭᠰᠠᠨ ᠲᠥᠷᠥᠯ ᠵᠦᠢᠯ | ᠨᠡᠶᠢᠲᠡ 371 ᠪᠠᠶᠢᠵᠤ᠂ ᠲᠥᠷᠥᠯ ᠵᠦᠢᠯ ᠢ ᠬᠦᠢᠴᠡᠳᠬᠡᠵᠦ ᠳᠠᠭᠤᠰᠬᠠᠭᠰᠠᠨ ᠨᠣᠷᠮ᠎ᠠ ᠨᠢ 68.2%︔ ᠭᠦᠢᠴᠡᠳᠬᠡᠬᠦ ᠶᠣᠰᠣᠲᠠᠢ ᠭᠠᠷᠳᠠᠮ 2222 ᠪᠠᠶᠢᠵᠤ᠂ | ᠣᠳᠣᠬᠠᠨ ᠳᠤ 1844 ᠶᠢ ᠬᠦᠢᠴᠡᠳᠬᠡᠵᠦ ᠳᠠᠭᠤᠰᠬᠠᠭᠠᠳ᠂ ᠭᠠᠷᠳᠠᠮ ᠬᠦᠢᠴᠡᠳᠬᠡᠵᠦ ᠳᠠᠭᠤᠰᠬᠠᠭᠰᠠᠨ ᠨᠣᠷᠮ᠎ᠠ 83% ᠪᠣᠯᠪᠠ᠃ ᠵᠢᠯ ᠤᠨ ᠳᠣᠲᠣᠷ᠎ᠠ | ᠭᠤᠤᠯᠳᠠᠯᠭ᠎ᠠ ᠪᠦᠬᠦᠢ ᠠᠵᠤ ᠦᠢᠯᠡᠳᠪᠦᠷᠢ ᠶᠢᠨ 200 ᠲᠥᠷᠥᠯ ᠵᠦᠢᠯ ᠢ ᠴᠥᠮ ᠠᠵᠢᠯ ᠡᠬᠢᠯᠡᠭᠦᠯᠦᠨ ᠰᠡᠷᠭᠦᠭᠡᠬᠦ ᠶᠢ ᠪᠠᠲᠤᠯᠠᠨ᠎ᠠ᠃ ︵ᠲᠦᠩᠯᠢᠶᠣᠣ ᠬᠤᠲᠠ ᠶᠢᠨ | ᠵᠠᠰᠠᠭ ᠤᠨ ᠣᠷᠳᠣᠨ︶ | |