ᠨᠢᠭᠡ ᠪᠠᠭᠴᠠ ᠰᠣᠷᠭᠤᠭ ᠴᠡᠴᠡᠭ ᠲᠤ ᠷᠣᠮᠠᠨᠲ᠋ᠢᠭ ᠠᠮᠢᠳᠤᠷᠠᠯ ᠤᠨ ᠥᠩᠭᠡ ᠪᠤᠳᠤᠭ ᠲᠣᠳᠣᠷᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠪᠢᠯᠬᠠᠵᠤ | ᠪᠤᠢ | ᠥᠩᠭᠡ ᠢᠯᠭᠠᠷᠠᠮ᠎ᠠ ᠠᠩᠬᠢᠯᠤᠮ᠎ᠠ ᠦᠨᠦᠷ ᠲᠠᠢ ᠨᠢᠭᠡ ᠪᠠᠭᠴᠠ ᠰᠣᠷᠭᠤᠭ ᠴᠡᠴᠡᠭ ᠪᠣᠯ ᠵᠦᠪᠭᠡᠨ ᠪᠠᠶᠢᠭᠠᠯᠢ ᠶᠢᠨ ᠬᠡᠰᠢᠭ ᠲᠡᠳᠦᠢ ᠪᠢᠰᠢ᠂ ᠨᠡᠩ ᠴᠦ | ᠬᠠᠶᠢᠷ᠎ᠠ ᠰᠡᠳᠬᠢᠯᠭᠡ ᠶᠢᠨ ᠳᠠᠮᠵᠢᠭᠤᠯᠤᠭᠴᠢ ᠪᠣᠯᠣᠨ᠎ᠠ᠃ ᠳᠡᠷᠡ ᠨᠢ ᠵᠦᠪᠭᠡᠨ ᠨᠢᠭᠡᠨ ᠵᠠᠰᠠᠯ ᠴᠢᠮᠡᠭᠯᠡᠯ ᠲᠡᠳᠦᠢ ᠪᠢᠰᠢ᠂ ᠪᠠᠰᠠ ᠤᠶᠤᠨ ᠰᠠᠨᠠᠭᠠᠨ ᠤ | ᠲᠠᠶᠢᠳᠬᠤᠷᠠᠭᠤᠯᠤᠯ ᠪᠤᠯᠳᠠᠭ᠃ ᠨᠢᠭᠡ ᠪᠠᠭᠴᠠ ᠰᠣᠷᠭᠤᠭ ᠴᠡᠴᠡᠭ ᠨᠢ ᠨᠠᠷᠠᠨ ᠤ ᠵᠥᠭᠡᠯᠡᠨ ᠭᠡᠷᠡᠯ ᠴᠦ ᠭᠡᠮᠡᠷᠬᠡᠨ ᠬᠥᠮᠥᠰ ᠤᠨ ᠰᠡᠳᠬᠢᠯ ᠢ ᠪᠠᠶᠠᠰᠬᠠᠵᠤ᠂ ᠠᠮᠢ | ᠨᠠᠰᠤᠨ ᠤ ᠰᠠᠶᠢᠨ ᠰᠠᠶᠢᠬᠠᠨ ᠬᠢᠭᠡᠳ ᠤᠶᠠᠨ ᠬᠠᠳᠠᠨ ᠴᠢᠨᠠᠷ ᠢ ᠬᠠᠷᠠᠭᠤᠯᠳᠠᠭ ᠶᠤᠮ᠃ | ᠰᠠᠷᠭᠠᠢ ᠴᠡᠴᠡᠭ᠂ ᠰᠠᠷᠠᠨ᠎ᠠ ᠴᠡᠴᠡᠭ ᠁ ᠬᠥᠮᠥᠰ ᠤᠨ ᠰᠣᠷᠭᠤᠭ ᠴᠡᠴᠡᠭ ᠤᠨ ᠬᠡᠷᠡᠭᠯᠡᠭᠡᠨ ᠤᠯᠠᠮ ᠢᠶᠠᠷ ᠣᠯᠠᠰᠢᠷᠠᠨ ᠬᠡᠪᠰᠢᠵᠦ᠂ ᠢᠯᠠᠩᠭᠤᠶ᠎ᠠ ᠵᠠᠯᠠᠭᠤ | ᠬᠡᠷᠡᠭᠯᠡᠭᠴᠢᠳ ᠤᠨ ᠡᠳᠦᠷ ᠳᠤᠳᠤᠮ ᠤᠨ ᠠᠮᠢᠳᠤᠷᠠᠯ ᠢᠶᠠᠨ ᠴᠢᠮᠡᠵᠦ ᠰᠡᠳᠬᠢᠯ ᠢᠶᠠᠨ ᠪᠠᠶᠠᠰᠬᠠᠬᠤ ᠶᠢᠨ ᠨᠢᠭᠡᠨ ᠵᠤᠷᠰᠢᠯ ᠪᠣᠯᠤᠭᠰᠠᠨ ᠶᠤᠮ᠃ ᠨᠢᠭᠡ ᠪᠠᠭᠴᠠ ᠰᠣᠷᠭᠤᠭ | ᠴᠡᠴᠡᠭ ᠲᠤ ᠶᠠᠮᠠᠷᠰᠢᠤ ᠥᠷᠲᠡᠭ ᠠᠭᠤᠯᠵᠤ ᠪᠠᠶᠢᠭ᠎ᠠ ᠪᠢᠯᠡ ᠭᠡᠳᠡᠭ ᠢ ᠰᠢᠨᠵᠢᠨ ᠤᠴᠢᠷᠯᠠᠪᠠᠯ᠂ ᠴᠡᠴᠡᠭ ᠳᠠᠷᠢᠭᠰᠠᠨ ᠬᠥᠮᠥᠨ ᠳᠤ ᠠᠪᠴᠤ ᠬᠡᠯᠡᠪᠡᠯ᠂ ᠨᠢᠭᠡ ᠪᠠᠭᠴᠠ | ᠰᠣᠷᠭᠤᠭ ᠴᠡᠴᠡᠭ ᠨᠢ ᠣᠷᠣᠯᠭ᠎ᠠ ᠪᠤᠯᠳᠠᠭ︔ ᠴᠡᠴᠡᠭ ᠬᠤᠳᠠᠯᠳᠤᠨ ᠠᠪᠤᠭᠰᠠᠨ ᠬᠥᠮᠥᠨ ᠳᠤ ᠠᠪᠴᠤ ᠬᠡᠯᠡᠪᠡᠯ ᠬᠠᠶᠢᠷ᠎ᠠ ᠰᠡᠳᠬᠢᠯᠭᠡ ᠶᠢᠨ ᠬᠢᠨᠢ ᠢᠯᠡᠷᠡᠯ ᠭᠡᠯᠲᠡᠢ︔ | ᠰᠣᠷᠭᠤᠭ ᠴᠡᠴᠡᠭ ᠤᠨ ᠠᠷᠠᠯᠵᠢᠶᠠᠴᠢᠨ ᠬᠥᠮᠥᠨ ᠳᠤ ᠠᠪᠴᠤ ᠬᠡᠯᠡᠪᠡᠯ ᠠᠵᠢᠯ ᠣᠯᠭᠤᠯᠲᠠ ᠪᠤᠯᠬᠤ ᠠᠵᠢ᠃ | ᠡᠳᠦᠭᠡ ᠰᠣᠷᠭᠤᠭ ᠴᠡᠴᠡᠭ ᠳᠠᠷᠢᠬᠤ ᠬᠥᠮᠥᠰ ᠤᠯᠠᠮ ᠢᠶᠠᠷ ᠣᠯᠠᠰᠢᠷᠠᠵᠤ᠂ ᠬᠤᠸᠠᠷ ᠴᠡᠴᠡᠭ ᠤᠨ ᠠᠵᠢᠯ ᠲᠦᠷᠦᠯ ᠳᠤ ᠣᠷᠣᠯᠴᠠᠭᠴᠢ ᠴᠦ ᠶᠠᠪᠤᠬᠤ ᠲᠤᠳᠤᠮ | ᠣᠯᠠᠰᠢᠷᠠᠵᠤ ᠪᠠᠶᠢᠨ᠎ᠠ᠃ ᠳᠠᠷᠤᠢ ᠰᠣᠷᠭᠤᠭ ᠴᠡᠴᠡᠭ ᠨᠢ ᠠᠵᠤ ᠦᠢᠯᠡᠰ ᠪᠣᠯᠣᠨ ᠠᠵᠢᠯ ᠣᠯᠭᠤᠯᠲᠠ ᠯᠤᠭ᠎ᠠ ᠬᠤᠯᠪᠣᠯᠳᠤᠵᠤ᠂ ᠪᠣᠳᠠᠰ ᠤᠨ ᠬᠡᠷᠡᠭᠯᠡᠭᠡ ᠪᠣᠯᠣᠨ ᠣᠶᠤᠨ | ᠤ ᠱᠠᠭᠠᠷᠳᠠᠯᠭ᠎ᠠ ᠲᠠᠢ ᠬᠤᠯᠪᠣᠭᠳᠠᠵᠤ ᠪᠤᠢ᠃ ᠰᠣᠷᠭᠤᠭ ᠴᠡᠴᠡᠭ ᠤᠨ ᠬᠡᠷᠡᠭᠯᠡᠭᠡ ᠨᠢ ᠡᠳᠦᠷ ᠢᠷᠡᠬᠦᠶ᠎ᠡ ᠠᠮᠢᠳᠤᠷᠠᠯ ᠳᠤ ᠠᠭᠤᠰᠤᠯᠴᠠᠬᠤ ᠶᠢ ᠳᠠᠭᠠᠯᠳᠤᠨ᠂ ᠬᠠᠮᠢᠶ᠎ᠠ | ᠪᠦᠬᠦᠢ ᠠᠵᠤ ᠦᠢᠯᠡᠰ ᠨᠢ ᠴᠦ ᠳᠡᠰ ᠲᠠᠪᠰᠢᠵᠤ᠂ ᠬᠥᠮᠥᠰ ᠤᠨ ︽ᠰᠠᠶᠢᠨ ᠰᠠᠶᠢᠬᠠᠨ︾ ᠤ ᠲᠤᠬᠠᠢ ᠬᠦᠰᠡᠯ ᠡᠷᠡᠮᠡᠯᠵᠡᠯ ᠢ ᠬᠠᠩᠭᠠᠵᠤ ᠪᠠᠶᠢᠯ᠎ᠠ᠃ | ︽ᠥᠩᠭᠡ ᠦᠵᠡᠮᠵᠢ︾ ᠠᠴᠠ ᠦᠢᠯᠡᠳᠪᠦᠷᠢᠯᠡᠯ ᠤᠨ ᠥᠷᠲᠡᠭ ᠭᠦᠷᠲᠡᠯ᠎ᠡ᠂ ᠨᠢᠭᠡ ᠪᠠᠭᠴᠠ ᠰᠣᠷᠭᠤᠭ ᠴᠡᠴᠡᠭ ᠲᠤ ᠠᠵᠤ ᠠᠬᠤᠢ ᠶᠢᠨ ᠤᠴᠢᠷ ᠪᠤᠢ᠃ | ᠰᠣᠷᠭᠤᠭ ᠴᠡᠴᠡᠭ ᠠᠴᠠ ᠬᠥᠭᠵᠢᠶᠡᠨ ᠲᠠᠢ ᠬᠤᠳᠠᠯᠳᠤᠭ᠎ᠠ ᠬᠡᠷᠡᠭᠯᠡᠭᠡᠨ ᠤ ᠬᠠᠯᠠᠭᠤᠷᠠᠯ ᠢ ᠣᠯᠵᠤ ᠬᠠᠷᠠᠨ᠎ᠠ︔ ᠠᠮᠠᠷᠬᠠᠨ ᠬᠤᠷᠪᠣᠶᠢᠨ ᠭᠤᠨᠢᠷᠠᠳᠠᠭ ᠰᠣᠷᠭᠤᠭ ᠴᠡᠴᠡᠭ | ᠢ ᠭᠤᠷᠪᠠ ᠳᠦᠷᠪᠠᠨ ᠡᠳᠦᠷ ᠤᠨ ᠳᠣᠲᠣᠷ᠎ᠠ ᠳᠠᠷᠢᠭᠰᠠᠨ ᠭᠠᠵᠠᠷ ᠠᠴᠠ ᠨᠢ ᠡᠯ᠎ᠡ ᠭᠠᠵᠠᠷ ᠤᠨ ᠴᠡᠴᠡᠭ ᠤᠨ ᠳᠡᠯᠭᠡᠭᠦᠷ ᠲᠤ ᠬᠦᠷᠭᠡᠬᠦ ᠶᠢ ᠪᠠᠲᠤᠯᠠᠭᠰᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠪᠰᠢᠯᠳᠠ ᠶᠢ ᠣᠯᠵᠤ ᠬᠠᠷᠠᠨ᠎ᠠ; ᠲᠡᠭᠦᠨᠴᠢᠯᠡᠨ ︽ᠠᠭᠠᠷ ᠤᠨ ᠠᠶᠠᠯᠠᠯ + ᠲᠦᠷᠭᠡᠨ ᠤ ᠲᠡᠮᠦᠷ ᠵᠠᠮ + ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡ︾ ᠵᠡᠷᠭᠡ ᠪᠣᠰᠤᠭ᠎ᠠ ᠴᠣᠭᠴᠠᠲᠤ ᠪᠠᠷᠠᠭᠠᠨ ᠤ ᠭᠦᠢᠯᠭᠡᠭᠡ ᠶᠢᠨ ᠰᠦᠯᠵᠢᠶ᠎ᠡ ᠶᠢᠨ ᠰᠦᠷ ᠬᠦᠴᠦᠨ ᠢ ᠣᠯᠵᠤ ᠬᠠᠷᠠᠨ᠎ᠠ︔ ᠪᠠᠰᠠ ᠬᠤᠸᠠᠷ ᠴᠡᠴᠡᠭ | ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠭᠰᠠᠨ ᠨᠡᠭᠡᠭᠡᠯᠲᠡ ᠬᠢᠬᠦ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠢ ᠣᠯᠵᠤ ᠬᠠᠷᠠᠬᠤ ᠪᠣᠯᠣᠨ᠎ᠠ᠃ | ᠨᠢᠭᠡ ᠪᠠᠭᠴᠠ ᠰᠣᠷᠭᠤᠭ ᠴᠡᠴᠡᠭ ᠲᠤ ᠷᠣᠮᠠᠨᠲ᠋ᠢᠭ ᠠᠮᠢᠳᠤᠷᠠᠯ ᠤᠨ ᠥᠩᠭᠡ ᠪᠤᠳᠤᠭ ᠲᠣᠳᠣᠷᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠪᠢᠯᠬᠠᠵᠤ | ᠪᠤᠢ᠃ ᠨᠢᠭᠡ ᠪᠠᠭᠴᠠ ᠰᠣᠷᠭᠤᠭ ᠴᠡᠴᠡᠭ ᠲᠤ ᠠᠵᠤ ᠦᠢᠯᠡᠰ ᠤᠨ ᠥᠷᠨᠢᠯ ᠬᠥᠭᠵᠢᠯᠲᠡ᠂ ᠪᠠᠶᠠᠵᠢᠯ ᠤᠨ ᠵᠠᠮ ᠤᠨ ᠥᠷᠭᠡᠨ ᠬᠠᠷᠭᠤᠢ᠂ ᠬᠡᠷᠡᠭᠯᠡᠭᠡᠨ ᠤ ᠬᠠᠯᠠᠭᠤᠷᠠᠯ | ᠥᠷᠨᠢᠯᠲᠡ᠂ ᠵᠠᠬ᠎ᠠ ᠳᠡᠯᠭᠡᠭᠦᠷ ᠤᠨ ᠬᠥᠭᠵᠢᠯ ᠪᠠᠳᠠᠷᠠᠯ ᠤᠨ ᠨᠢᠭᠤᠴᠠᠭᠠᠢ ᠶᠣᠰᠣᠨ ᠪᠤᠢ᠃ ᠨᠢᠭᠡ ᠪᠠᠭᠴᠠ ᠰᠣᠷᠭᠤᠭ ᠴᠡᠴᠡᠭ ᠢ ᠤᠴᠢᠷᠯᠠᠪᠠᠯ ᠰᠣᠷᠭᠤᠭ ᠴᠡᠴᠡᠭ ᠤᠨ | ᠠᠵᠤ ᠦᠢᠯᠡᠰ ᠤᠨ ᠬᠥᠭᠵᠢᠯᠲᠡ ᠲᠡᠳᠦᠢ ᠯᠡ ᠪᠢᠰᠢ᠂ ᠬᠠᠷᠢᠨ ᠨᠡᠩ ᠤᠯᠠᠨ ᠲᠠᠯ᠎ᠠ ᠶᠢᠨ ᠠᠭᠤᠯᠬᠤᠨ ᠪᠠᠶᠢᠬᠤ ᠠᠵᠢ᠃ |