ᠨᠠᠮ ᠤᠨ ᠰᠢᠨ᠎ᠡ ᠶᠢ ᠡᠭᠦᠳᠦᠭᠰᠡᠨ ᠣᠨᠣᠯ ᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠤᠶ᠎ᠠ
ᠨᠡᠶᠢᠲᠡᠯᠡᠭᠰᠡᠨ ᠴᠠᠭ᠄
2025/2/24
       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠤᠨᠤᠯ ᠢᠶᠠᠷ ᠨᠠᠮ ᠢ ᠬᠦᠴᠦᠷᠬᠡᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠣᠯᠣᠨ ᠪᠠᠶᠢᠭᠤᠯᠤᠯᠲᠠ ᠶᠢᠨ ᠢᠨᠵᠧᠨᠧᠷᠢᠩ ᠳᠤ ᠴᠢᠬᠤᠯᠠ ᠵᠢᠭᠠᠪᠤᠷᠢ ᠥᠭᠴᠦ᠂ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠣᠯᠣᠨ ᠪᠠᠶᠢᠭᠤᠯᠤᠯᠲᠠ ᠶᠢᠨ ᠢᠨᠵᠧᠨᠧᠷᠢᠩ ᠪᠣᠯ ᠨᠠᠮ ᠤᠨ ᠦᠵᠡᠯ ᠰᠠᠨᠠᠭ᠎ᠠ ᠤᠨᠤᠯ ᠤᠨ ᠪᠠᠶᠢᠭᠤᠯᠤᠯᠲᠠ ᠶᠢᠨ ᠰᠠᠭᠤᠷᠢ ᠢᠨᠵᠧᠨᠧᠷᠢᠩ᠂ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠮᠥᠨ᠂ ᠨᠠᠮ ᠤᠨ ᠰᠢᠨ᠎ᠡ ᠡᠭᠦᠳᠦᠭᠰᠡᠨ ᠤᠨᠤᠯ ᠤᠨ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠬᠤ ᠶᠢ ᠠᠬᠢᠭᠤᠯᠬᠤ ᠬᠡᠷᠡᠭᠲᠡᠢ ᠭᠡᠪᠡ᠃ ᠬᠡᠷᠬᠢᠨ ᠠᠬᠢᠭᠤᠯᠬᠤ ᠪᠤᠢ︖ ᠶᠡᠷᠦᠩᠬᠡᠢ ᠱᠦᠵᠢ ᠰᠢ ᠶᠢᠨ ᠫᠢᠩ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮᠵᠢᠭᠦᠯᠦᠭᠰᠡᠨ ᠶᠣᠰᠣᠵᠢᠭᠤᠯᠤᠭᠰᠠᠨ ᠰᠤᠳᠤᠯᠤᠨ ᠲᠠᠶᠢᠯᠪᠤᠷᠢᠯᠠᠯᠲᠠ ᠶᠢ  ᠭᠦᠨᠵᠡᠭᠡᠶᠢᠷᠡᠭᠦᠯᠵᠦ᠂ ᠰᠤᠷᠤᠯᠴᠠᠨ ᠤᠬᠠᠭᠤᠯᠬᠤ ᠶᠢᠨ ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠬᠦᠴᠦᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃       ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠰᠢ ᠶᠢᠨ ᠫᠢᠩ ᠤᠨ  ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ       ᠳᠤᠮᠳᠠᠳᠤ ᠶᠢᠨ ᠪᠣᠯᠪᠠᠰᠤᠨ ᠤᠳᠤ ᠪᠤᠯᠲᠠᠯ᠎ᠠ ᠲᠠᠰᠤᠷᠠᠭ᠎ᠠ ᠦᠭᠡᠢ ᠤᠯᠠᠮᠵᠢᠯᠠᠭᠳᠠᠵᠤ ᠪᠠᠶᠢᠬᠤ ᠶᠢᠨ ᠰᠢᠯᠲᠠᠭᠠᠨ ᠨᠢ ᠳᠤᠮᠳᠠᠳᠤ ᠶᠢᠨ ᠪᠣᠯᠪᠠᠰᠤᠨ ᠲᠣᠪᠣᠶᠢᠮ᠎ᠠ ᠪᠠᠭᠲᠠᠭᠠᠮᠵᠢᠲᠤ ᠴᠢᠨᠠᠷ ᠪᠠ ᠰᠢᠨ᠎ᠡ ᠶᠢ ᠡᠭᠦᠳᠬᠦ ᠴᠢᠨᠠᠷ ᠲᠠᠢ ᠪᠠᠶᠢᠬᠤ ᠳᠤ ᠪᠤᠢ᠃ ᠪᠢᠳᠡ ᠲᠥᠪ ᠶᠣᠰᠣ ᠶᠢ ᠪᠠᠷᠢᠮᠲᠠᠯᠠᠬᠤ ᠮᠥᠷᠲᠡᠭᠡᠨ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠰᠢᠯᠢᠳᠡᠭ ᠤᠯᠠᠮᠵᠢᠯᠠᠯ ᠲᠠᠢ ᠪᠠᠶᠢᠭᠰᠠᠨ ᠠᠴᠠ ᠮᠠᠨ ᠤ ᠨᠠᠮ ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠬᠦ ᠪᠠᠷ ᠳᠠᠮᠵᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠦᠷᠢᠯᠳᠦᠭᠦᠯᠦᠭᠰᠡᠨ ᠶᠤᠮ᠃ ᠲᠥᠪ ᠶᠣᠰᠣ ᠶᠢ ᠪᠠᠷᠢᠮᠲᠠᠯᠠᠬᠤ ᠪᠣᠯ ᠳᠠᠷᠤᠢ ᠮᠠᠷᠺᠰ ᠤᠨ ᠦᠵᠡᠯ ᠤᠨ ᠦᠨᠳᠦᠰᠦᠨ ᠤᠭ ᠶᠣᠰᠣ᠂ ᠵᠣᠭᠰᠣᠯᠲᠠ᠂ ᠦᠵᠡᠯᠲᠡ᠂ ᠠᠷᠭ᠎ᠠ ᠶᠢ ᠪᠠᠷᠢᠮᠲᠠᠯᠠᠬᠤ ᠶᠠᠪᠤᠳᠠᠯ ᠮᠥᠨ᠂ ᠮᠠᠷᠺᠰ ᠤᠨ ᠦᠵᠡᠯ᠂ ᠨᠡᠶᠢᠭᠡᠮ ᠵᠢᠷᠤᠮ ᠠᠴᠠ ᠬᠡᠯᠪᠡᠶᠢᠵᠦ ᠪᠤᠯᠬᠤ ᠦᠭᠡᠢ᠃ ᠭᠡᠪᠡᠴᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠪᠣᠯ ᠤᠷᠢᠳᠤ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠮᠥᠨ᠂ ᠡᠨᠡ ᠬᠦ ᠠᠭᠤᠤ ᠶᠡᠭᠡ ᠦᠢᠯᠡᠰ ᠢ ᠠᠬᠢᠭᠤᠯᠬᠤ ᠳᠤ ᠪᠡᠯᠡᠨ ᠬᠥᠭᠵᠢᠯᠲᠡ ᠶᠢᠨ ᠵᠠᠮ ᠪᠠ ᠬᠥᠭᠵᠢᠯᠲᠡ ᠶᠢᠨ ᠬᠡᠪ ᠵᠠᠭᠪᠤᠷ ᠪᠠᠶᠢᠬᠤ ᠦᠭᠡᠢ ᠶᠤᠮ᠃ ᠡᠷᠬᠡᠪᠰᠢ ᠤᠨᠤᠯ ᠤᠨ ᠲᠠᠯ᠎ᠠ ᠪᠠᠷ ᠲᠠᠰᠤᠷᠠᠯᠳᠠ ᠦᠭᠡᠢ ᠬᠠᠶᠢᠨ ᠰᠦᠪᠡᠭᠴᠢᠯᠡᠵᠦ᠂ ᠲᠠᠰᠤᠷᠠᠯᠳᠠ ᠦᠭᠡᠢ ᠰᠢᠪᠲᠤᠯᠤᠯᠲᠠ ᠬᠢᠬᠦ ᠪᠠᠷ ᠳᠠᠮᠵᠢᠨ ᠦᠢᠯᠡᠳᠦᠯᠭᠡ ᠶᠢ ᠵᠢᠯᠤᠭᠤᠳᠬᠤ ᠶᠢᠨ ᠬᠠᠮᠲᠤ ᠦᠢᠯᠡᠳᠦᠯᠭᠡ ᠶᠢᠨ ᠳᠤᠮᠳᠠ ᠰᠦᠪᠡᠭᠴᠢᠯᠡᠵᠦ ᠣᠯᠣᠭᠰᠠᠨ ᠵᠢᠮ᠎ᠡ ᠶᠣᠰᠣ ᠪᠠᠷ ᠮᠠᠨ ᠤ ᠤᠨᠤᠯ ᠢᠶᠠᠨ ᠳᠡᠭᠡᠭᠰᠢᠯᠡᠭᠦᠯᠵᠦ᠂ ᠨᠠᠮ ᠤᠨ ᠤᠨᠤᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠬᠤ ᠬᠡᠷᠡᠭᠲᠡᠢ᠃ ᠦᠢᠯᠡᠳᠦᠯᠭᠡ ᠬᠢᠵᠠᠭᠠᠷ ᠦᠭᠡᠢ᠂ ᠤᠨᠤᠯ ᠤᠨ ᠰᠢᠨ᠎ᠡ ᠡᠭᠦᠳᠦᠯᠲᠡ ᠴᠦ ᠬᠢᠵᠠᠭᠠᠷ ᠦᠭᠡᠢ ᠶᠤᠮ᠃ ᠪᠢᠳᠡ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠂ ᠤᠴᠢᠷ ᠨᠢ ᠭᠠᠭᠴᠠ ᠬᠦ ᠲᠥᠪ ᠶᠣᠰᠣ ᠶᠢ ᠪᠠᠷᠢᠮᠲᠠᠯᠠᠪᠠᠯ ᠰᠠᠶ᠋ᠢ ᠴᠢᠭᠯᠡᠯ ᠢᠶᠠᠨ ᠠᠯᠳᠠᠬᠤ ᠦᠭᠡᠢ᠂ ᠳᠣᠩᠰᠣᠯᠤᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠵᠤ ᠴᠢᠳᠠᠨ᠎ᠠ᠂ ᠭᠠᠭᠴᠠ ᠬᠦ ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠴᠠᠭ ᠦᠶ᠎ᠡ ᠳᠤ ᠰᠠᠭᠤᠷᠢᠯᠠᠨ᠂ ᠴᠠᠭ ᠦᠶ᠎ᠡ ᠶᠢᠨ ᠠᠰᠠᠭᠤᠯᠲᠠ ᠶᠢ ᠬᠠᠷᠢᠭᠤᠯᠵᠤ᠂ ᠴᠠᠭ ᠦᠶ᠎ᠡ ᠶᠢᠨ ᠬᠤᠪᠢᠷᠠᠯᠲᠠ ᠶᠢ ᠬᠥᠲᠥᠯᠥᠨ ᠳᠠᠭᠠᠭᠤᠯᠬᠤ ᠰᠢᠨᠵᠢᠯᠡᠬᠦ ᠤᠬᠠᠭᠠᠨᠴᠢ ᠤᠨᠤᠯ ᠮᠥᠨ᠂ ᠲᠡᠷᠡ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠮᠥᠨ᠂ ᠳᠤᠮᠳᠠᠳᠤ ᠶᠢᠨ ᠰᠣᠶᠣᠯ ᠪᠣᠯᠣᠨ ᠳᠤᠮᠳᠠᠳᠤ ᠤᠯᠤᠰ ᠤᠨ ᠵᠣᠷᠢᠭ ᠰᠠᠨᠠᠭᠠᠨ ᠤ ᠴᠠᠭ ᠦᠶ᠎ᠡ ᠶᠢᠨ ᠤᠭᠢ ᠰᠣᠳᠣ ᠮᠥᠨ᠂ ᠲᠡᠷᠡ ᠨᠢ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠡᠵᠡᠮᠳᠡᠵᠦ᠂ ᠠᠷᠠᠳ ᠲᠦᠮᠡᠨ ᠤ ᠡᠭᠦᠳᠦᠯᠲᠡ ᠶᠢ ᠭᠦᠨᠳᠦᠳᠭᠡᠵᠦ᠂ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠠᠷᠠᠳ ᠲᠦᠮᠡᠨ ᠤ ᠳᠤᠮᠳᠠ ᠠᠴᠠ ᠢᠷᠡᠵᠤ᠂ ᠠᠷᠠᠳ ᠲᠦᠮᠡᠨ ᠤ ᠲᠥᠯᠥᠭᠡ ᠵᠢᠳᠬᠦᠵᠦ᠂ ᠠᠷᠠᠳ ᠲᠦᠮᠡᠨ ᠳᠤ ᠪᠤᠶᠠᠨ ᠦᠢᠯᠡᠳᠬᠦ ᠤᠨᠤᠯ ᠮᠥᠨ᠃ ᠡᠶᠢᠮᠦ ᠠᠴᠠ ᠪᠢᠳᠡ ᠣᠨᠣᠯ ᠢᠶᠠᠷ ᠣᠯᠠᠨ ᠲᠦᠮᠡᠨ ᠢ ᠪᠢᠰᠢᠷᠡᠭᠦᠯᠬᠦ ᠪᠠ ᠣᠯᠠᠨ ᠲᠦᠮᠡᠨ ᠣᠨᠣᠯ ᠢ ᠡᠵᠡᠮᠰᠢᠬᠦ ᠶᠢᠨ ᠦᠢᠯᠡᠳᠦᠯᠴᠡᠯ ᠳᠤᠮᠳᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠣᠨᠣᠯ ᠢ ᠰᠤᠷᠤᠯᠴᠠᠬᠤ ᠪᠠᠷ ᠳᠡᠮᠵᠢᠨ ᠵᠣᠷᠢᠭ ᠰᠠᠨᠠᠭᠠᠨ ᠤ ᠮᠥᠨ ᠴᠢᠨᠠᠷ ᠢ ᠡᠵᠡᠮᠰᠢᠵᠦ᠂ ᠠᠷᠠᠳ ᠣᠯᠠᠨ ᠤ ᠦᠢᠯᠡᠳᠦᠯᠭᠡ ᠶᠢᠨ ᠠᠤᠭ᠎ᠠ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃       ᠤᠨᠤᠯ ᠤᠨ ᠰᠢᠰᠲ᠋ᠧᠮᠵᠢᠬᠦ ᠶᠣᠰᠣᠵᠢᠭᠤᠯᠬᠤ ᠶᠢ ᠠᠬᠢᠭᠤᠯᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠠᠷᠭ᠎ᠠ ᠵᠠᠮ ᠮᠥᠨ       ᠮᠠᠷᠺᠰ ᠤᠨ ᠦᠵᠡᠯ ᠤᠨ ᠨᠥᠯᠥᠭᠡ ᠶᠡᠭᠡ ᠪᠠᠶᠢᠳᠠᠭ ᠨᠢ ᠲᠡᠭᠦᠨ ᠤ ᠭᠦᠨ ᠭᠦᠨᠵᠡᠭᠡᠢ ᠶᠣᠰᠣ ᠵᠦᠢ ᠪᠠᠷ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠦᠨᠡᠨ ᠶᠣᠰᠣ ᠶᠢ ᠢᠯᠡᠷᠡᠭᠦᠯᠦᠭᠰᠡᠨ ᠳᠤ ᠪᠤᠢ᠂ ᠪᠦᠷᠢᠨ ᠲᠡᠭᠦᠯᠳᠡᠷ ᠰᠢᠰᠲ᠋ᠧᠮ ᠢᠶᠠᠷ ᠲᠡᠭᠦᠨ ᠤ ᠤᠨᠤᠯ ᠤᠨ ᠰᠢᠨᠵᠢᠯᠡᠬᠦ ᠤᠬᠠᠭᠠᠨᠴᠢ ᠴᠢᠨᠠᠷ ᠢ ᠨᠤᠲᠠᠯᠠᠭᠰᠠᠨ ᠳᠤ ᠪᠤᠢ᠃ ᠦᠢᠯᠡᠳᠦᠯᠭᠡ ᠶᠢᠨ ᠰᠠᠭᠤᠷᠢᠨ ᠳᠡᠭᠡᠷ᠎ᠡ ᠪᠤᠢ ᠪᠣᠯᠣᠨ ᠬᠥᠭᠵᠢᠵᠦ ᠪᠦᠷᠢᠯᠳᠦᠭᠰᠡᠨ ᠰᠢᠨᠵᠢᠯᠡᠬᠦ ᠤᠬᠠᠭᠠᠨᠴᠢ ᠰᠢᠰᠲ᠋ᠧᠮ ᠪᠣᠯ ᠮᠠᠷᠺᠰ ᠤᠨ ᠦᠵᠡᠯ ᠤᠨ ᠳᠣᠲᠣᠭᠠᠳᠤ ᠬᠡᠪ ᠴᠢᠨᠠᠷ ᠮᠥᠨ᠃ ᠨᠠᠮ ᠤᠨ ᠤᠨᠤᠯ ᠤᠨ ᠰᠢᠨ᠎ᠡ ᠶᠢ ᠡᠭᠦᠳᠬᠦ ᠶᠠᠪᠤᠴᠠ ᠪᠣᠯ ᠲᠤᠷᠰᠢᠯᠭ᠎ᠠ ᠪᠠᠨ ᠳ᠋ᠦᠩᠨᠡᠬᠦ᠂ ᠦᠯᠦ ᠮᠡᠳᠡᠬᠦ ᠵᠦᠢᠯ ᠢ ᠬᠠᠶᠢᠨ ᠰᠦᠪᠡᠭᠴᠢᠯᠡᠬᠦ᠂ ᠦᠨᠡᠨ ᠶᠣᠰᠣ ᠶᠢ ᠢᠯᠡᠷᠡᠭᠦᠯᠬᠦ ᠶᠠᠪᠤᠴᠠ ᠮᠥᠨ᠃ ᠬᠡᠷᠡᠭ ᠪᠣᠳᠠᠰ ᠤᠨ ᠬᠤᠭᠤᠷᠣᠨᠳᠣᠭᠢ ᠳᠣᠲᠣᠭᠠᠳᠤ ᠬᠤᠯᠪᠤᠭ᠎ᠠ ᠶᠢ ᠡᠵᠡᠮᠳᠡᠬᠦ᠂ ᠪᠤᠰᠤᠳᠴᠢ ᠵᠢᠮ᠎ᠡ ᠶᠣᠰᠣ ᠶᠢ ᠢᠯᠡᠷᠡᠭᠦᠯᠬᠦ᠂ ᠬᠡᠷᠡᠭ ᠪᠣᠳᠠᠰ ᠤᠨ ᠬᠥᠭᠵᠢᠯᠲᠡ ᠶᠢᠨ ᠵᠠᠶᠢᠯᠠᠰᠢ ᠦᠭᠡᠢ ᠬᠠᠨᠳᠤᠰᠢ ᠶᠢ ᠤᠷᠢᠳᠴᠢᠯᠠᠨ ᠮᠡᠳᠡᠬᠦ ᠶᠠᠪᠤᠴᠠ ᠮᠥᠨ᠃ ᠡᠭᠦᠨ ᠠᠴᠠ ᠪᠤᠢ ᠪᠣᠯᠤᠭᠰᠠᠨ ᠤᠨᠤᠯ ᠤᠨ ᠦᠷ᠎ᠡ ᠪᠦᠲᠦᠭᠡᠯ ᠨᠢ ᠠᠶᠠᠨᠳᠠᠭᠠᠨ ᠨᠢᠭᠡᠨ ᠰᠢᠨᠵᠢᠯᠡᠬᠦ ᠤᠬᠠᠭᠠᠨᠴᠢ ᠰᠢᠰᠲ᠋ᠧᠮ᠂ ᠨᠢᠭᠲᠠ ᠴᠢᠩᠭ᠎ᠠ ᠯᠣᠭᠢᠭ ᠲᠠᠢ᠂ ᠣᠷᠭᠠᠨᠢᠭ ᠨᠢᠭᠡᠳᠦᠮᠡᠯ ᠪᠦᠬᠦᠯᠢ ᠴᠣᠭᠴᠠ ᠪᠣᠯᠵᠤ ᠪᠦᠷᠢᠯᠳᠦᠭᠰᠡᠨ ᠪᠠᠶᠢᠳᠠᠭ᠃  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠯᠣᠭᠢᠭ ᠨᠢᠭᠲᠠ ᠴᠢᠩᠭ᠎ᠠ᠂ ᠠᠭᠤᠯᠤᠭᠳᠠᠬᠤᠨ ᠡᠯᠪᠡᠭ ᠪᠠᠶᠠᠯᠢᠭ᠂ ᠰᠢᠰᠲ᠋ᠧᠮ ᠲᠠᠢ ᠪᠦᠭᠦ ᠲᠠᠯ᠎ᠠ ᠶᠢᠨ᠂ ᠥᠷᠭᠡᠨ ᠳᠡᠯᠭᠡᠷ ᠭᠦᠨ ᠭᠦᠨᠵᠡᠭᠡᠢ ᠰᠢᠨᠵᠢᠯᠡᠬᠦ ᠤᠬᠠᠭᠠᠨᠴᠢ ᠤᠨᠤᠯ ᠤᠨ ᠰᠢᠰᠲ᠋ᠧᠮ ᠮᠥᠨ᠂ ᠰᠢᠰᠲ᠋ᠧᠮᠵᠢᠭᠦᠯᠦᠭᠰᠡᠨ᠂ ᠶᠣᠰᠣᠵᠢᠭᠤᠯᠤᠭᠰᠠᠨ ᠰᠤᠳᠤᠯᠤᠨ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠬᠦ ᠪᠣᠯ ᠤᠨᠤᠯ ᠤᠨ ᠰᠢᠨ᠎ᠡ ᠡᠭᠦᠳᠦᠯᠲᠡ ᠶᠢᠨ ᠳᠣᠲᠣᠭᠠᠳᠤ ᠱᠠᠭᠠᠷᠳᠠᠯᠭ᠎ᠠ ᠪᠤᠯᠬᠤ ᠪᠥᠭᠡᠳ ᠪᠠᠰᠠ ᠤᠨᠤᠯ ᠤᠨ ᠰᠢᠨ᠎ᠡ ᠡᠭᠦᠳᠦᠯᠲᠡ ᠶᠢᠨ ᠴᠢᠬᠤᠯᠠ ᠠᠷᠭ᠎ᠠ ᠵᠠᠮ ᠪᠣᠯᠣᠨ᠎ᠠ᠃       ᠤᠨᠤᠯ ᠪᠣᠯ ᠪᠤᠰᠤᠳᠴᠢ ᠬᠡᠷᠡᠭ ᠪᠣᠳᠠᠰ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠰᠢᠰᠲ᠋ᠧᠮᠵᠢᠭᠰᠡᠨ᠂ ᠬᠡᠶᠢᠰᠪᠦᠷᠢᠵᠢᠭᠰᠡᠨ ᠲᠠᠨᠢᠯᠲᠠ ᠮᠥᠨ᠃ ᠶᠠᠮᠠᠷᠪᠠ ᠰᠢᠨ᠎ᠡ ᠡᠭᠦᠳᠦᠭᠰᠡᠨ ᠤᠨᠤᠯ ᠤᠨ ᠪᠦᠷᠢᠯᠳᠦᠯ ᠪᠣᠯ  ᠰᠢᠰᠲ᠋ᠧᠮᠵᠢᠬᠦ᠂ ᠬᠡᠶᠢᠰᠪᠦᠷᠢᠵᠢᠬᠦ ᠶᠠᠪᠤᠴᠠ ᠮᠥᠨ᠃ ᠰᠢᠰᠲ᠋ᠧᠮᠵᠢᠬᠦ᠂ ᠬᠡᠶᠢᠰᠪᠦᠷᠢᠵᠢᠬᠦ ᠪᠣᠯ ᠪᠠᠰᠠ ᠴᠤ ᠰᠢᠨ᠎ᠡ ᠡᠭᠦᠳᠦᠭᠰᠡᠨ ᠤᠨᠤᠯ ᠤᠨ ᠳᠣᠲᠣᠭᠠᠳᠤ ᠬᠡᠪ ᠴᠢᠨᠠᠷ ᠮᠥᠨ᠃  ᠰᠢᠰᠲ᠋ᠧᠮᠵᠢᠭᠦᠯᠬᠦ ᠨᠢ ᠭᠤᠣᠯᠳᠠᠭᠤ ᠰᠤᠳᠤᠯᠤᠨ ᠲᠠᠶᠢᠯᠪᠤᠷᠢᠯᠠᠬᠤ ᠶᠢᠨ ᠰᠢᠰᠲ᠋ᠧᠮᠲᠦ ᠴᠢᠨᠠᠷ ᠵᠢᠴᠢ ᠲᠡᠭᠦᠨ ᠤ ᠡᠯ᠎ᠡ ᠬᠡᠰᠡᠭ ᠤᠨ ᠬᠤᠭᠤᠷᠣᠨᠳᠣᠭᠢ ᠳᠣᠲᠣᠭᠠᠳᠤ ᠬᠠᠷᠢᠴᠠᠭ᠎ᠠ᠂ ᠳᠣᠲᠣᠭᠠᠳᠤ ᠯᠣᠭᠢᠭ ᠢ ᠴᠢᠬᠤᠯᠠᠴᠢᠯᠠᠳᠠᠭ᠃ ᠬᠠᠷᠢᠨ ᠶᠣᠰᠣᠵᠢᠭᠤᠯᠬᠤ  ᠨᠢ ᠰᠤᠳᠤᠯᠤᠨ ᠲᠠᠶᠢᠯᠪᠤᠷᠢᠯᠠᠬᠤ ᠶᠢᠨ ᠭᠦᠨᠴᠡ ᠶᠢ ᠴᠢᠬᠤᠯᠠᠴᠢᠯᠠᠵᠤ᠂ ᠤᠨᠤᠯ ᠤᠨ ᠪᠠᠶᠠᠯᠢᠭ ᠠᠭᠤᠯᠤᠭᠳᠠᠬᠤᠨ ᠢ ᠢᠯᠡᠷᠡᠭᠦᠯᠳᠡᠭ᠃ ᠰᠢᠰᠲ᠋ᠧᠮᠴᠢᠯᠡᠬᠦ ᠪᠣᠯ ᠶᠣᠰᠣᠵᠢᠭᠤᠯᠬᠤ ᠶᠢᠨ ᠰᠠᠭᠤᠷᠢ ᠮᠥᠨ᠂ ᠶᠣᠰᠣᠵᠢᠭᠤᠯᠬᠤ ᠨᠢ ᠰᠢᠰᠲ᠋ᠧᠮᠵᠢᠭᠦᠯᠬᠦ ᠶᠢ ᠨᠡᠩ ᠢᠯᠡᠭᠦᠦ ᠤᠨᠤᠯ ᠤᠨ ᠥᠨᠳᠥᠷᠴᠡ᠂ ᠦᠵᠡᠯ ᠰᠠᠨᠠᠭᠠᠨ ᠤ ᠭᠦᠨᠴᠡ ᠲᠠᠢ ᠪᠣᠯᠭᠠᠨ᠎ᠠ᠃ ᠨᠠᠮ ᠤᠨ ᠰᠢᠨ᠎ᠡ ᠡᠭᠦᠳᠦᠭᠰᠡᠨ ᠤᠨᠤᠯ ᠤᠨ ᠰᠢᠰᠲ᠋ᠧᠮᠵᠢᠭᠰᠡᠨ ᠰᠤᠳᠤᠯᠭᠠᠨ ᠪᠠ ᠶᠣᠰᠣᠵᠢᠭᠤᠯᠤᠨ ᠲᠠᠶᠢᠯᠪᠤᠷᠢᠯᠠᠯᠲᠠ ᠶᠢ ᠬᠦᠴᠦᠯᠡᠨ ᠭᠦᠨᠵᠡᠭᠡᠶᠢᠷᠡᠭᠦᠯᠬᠦ ᠳᠤ᠂ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ ᠮᠥᠷᠲᠡᠭᠡᠨ ᠪᠠᠰᠠ ᠰᠢᠨᠵᠢᠯᠡᠬᠦ ᠤᠬᠠᠭᠠᠨᠴᠢ ᠠᠷᠭ᠎ᠠ ᠵᠠᠮ ᠢ ᠵᠢᠷᠤᠮᠯᠠᠬᠤ ᠬᠡᠷᠡᠭᠲᠡᠢ᠃      ᠡᠩ ᠲᠡᠷᠢᠭᠦᠨ ᠳᠤ ᠤᠨᠤᠯ ᠤᠨ ᠰᠢᠨ᠎ᠡ ᠡᠭᠦᠳᠦᠯᠲᠡ ᠶᠢᠨ ᠰᠦᠭ ᠰᠦᠨᠡᠰᠦ ᠪᠠ ᠦᠨᠳᠦᠰᠦ ᠶᠢ ᠢᠮᠠᠭᠲᠠ ᠪᠠᠲᠤ ᠰᠠᠬᠢᠬᠤ ᠬᠡᠷᠡᠭᠲᠡᠢ᠃ ᠶᠡᠷᠦᠩᠬᠡᠢ ᠱᠦᠵᠢ ᠰᠢ  ᠶᠢᠨ ᠫᠢᠩ᠄  ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠡᠨᠡ ᠬᠦ ᠴᠢᠬᠤᠯᠠ ᠶᠡᠭᠡ ᠰᠡᠳᠦᠪ ᠤᠨ ᠲᠤᠰ ᠪᠡᠶ᠎ᠡ ᠨᠢ  ᠪᠢᠳᠡ ᠮᠠᠷᠺᠰ ᠤᠨ ᠦᠵᠡᠯ ᠡᠨᠡ ᠬᠦ ᠰᠦᠭ ᠰᠦᠨᠡᠰᠦ ᠶᠢ ᠶᠠᠭᠠᠬᠢᠭᠰᠠᠨ ᠴᠤ ᠲᠠᠶᠠᠭᠳᠠᠵᠤ ᠪᠤᠯᠬᠤ ᠦᠭᠡᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠡᠨᠡ ᠬᠦ ᠠᠮᠢᠨ ᠰᠤᠳᠠᠰᠤ ᠶᠢ ᠶᠠᠭᠠᠬᠢᠭᠰᠠᠨ ᠴᠤ ᠬᠠᠶᠠᠵᠤ ᠪᠤᠯᠬᠤ ᠦᠭᠡᠢ ᠭᠡᠳᠡᠭ ᠢ ᠲᠣᠭᠲᠠᠭᠠᠵᠠᠢ᠃ ᠡᠨᠡ ᠬᠦ ᠰᠦᠭ ᠰᠦᠨᠡᠰᠦ ᠪᠠ ᠠᠮᠢᠨ ᠰᠤᠳᠠᠰᠤ ᠶᠢ ᠰᠠᠶᠢᠲᠤᠷ ᠰᠠᠬᠢᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠰᠠᠭᠤᠷᠢ ᠪᠠ ᠤᠷᠢᠲᠠᠯ ᠮᠥᠨ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠨᠢ ᠴᠦ ᠡᠨᠡ ᠬᠦ ᠰᠦᠭ ᠰᠦᠨᠡᠰᠦ ᠪᠠ ᠠᠮᠢᠨ ᠰᠤᠳᠠᠰᠤ ᠶᠢ ᠨᠡᠩ ᠰᠠᠶᠢᠲᠤᠷ ᠪᠠᠲᠤ ᠰᠠᠬᠢᠬᠤ ᠶᠢᠨ ᠲᠥᠯᠥᠭᠡ ᠶᠤᠮ︾ ᠭᠡᠵᠦ ᠴᠢᠬᠤᠯᠠᠴᠢᠯᠠᠪᠠ᠃ ᠮᠠᠷᠺᠰ ᠤᠨ ᠦᠵᠡᠯ ᠪᠣᠯ ᠰᠢᠨᠵᠢᠯᠡᠬᠦ ᠤᠬᠠᠭᠠᠨᠴᠢ ᠤᠨᠤᠯ ᠮᠥᠨ᠂ ᠲᠦᠭᠡᠮᠡᠯ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠥᠨᠢ ᠤᠳᠠᠭᠠᠨ ᠤᠯᠠᠮᠵᠢᠯᠠᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠳᠠᠭ᠃ ᠪᠢᠳᠡ ᠮᠠᠷᠺᠰ ᠤᠨ ᠦᠵᠡᠯ ᠢᠶᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠳᠣᠲᠣᠷᠠᠬᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠯᠢᠳᠡᠭ ᠡᠯᠧᠮᠧᠨ᠋ᠲ ᠢ ᠬᠥᠭᠵᠢᠭᠡᠬᠦ ᠶᠢᠨ ᠬᠠᠮᠲᠤ ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠪᠠ ᠡᠯᠪᠡᠭ ᠪᠠᠶᠠᠯᠢᠭ ᠤᠶᠤᠨ ᠤᠬᠠᠭᠠᠨ ᠢ ᠮᠠᠷᠺᠰ ᠤᠨ ᠦᠵᠡᠯ ᠳᠤ ᠨᠡᠩ ᠭᠦᠨ ᠳᠠᠪᠬᠤᠷᠭ᠎ᠠ ᠠᠴᠠ ᠰᠢᠩᠭᠡᠭᠡᠵᠦ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠪᠦᠲᠦᠮᠵᠢᠲᠡᠢ ᠨᠠᠪᠲᠠᠷᠡᠭᠦᠯᠵᠦ᠂ ᠰᠢᠨ᠎ᠡ ᠤᠨᠤᠯ ᠤᠨ ᠳᠠᠪᠠᠭᠤᠯᠢᠭ ᠪᠣᠯᠭᠠᠨ ᠬᠤᠷᠠᠮᠳᠤᠭᠤᠯᠵᠤ᠂ ᠦᠵᠡᠯ ᠰᠠᠨᠠᠭᠠᠨ ᠤ ᠰᠢᠨ᠎ᠡ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠬᠤ ᠬᠡᠷᠡᠭᠲᠡᠢ᠃ ᠳᠠᠷᠠᠭᠠᠯᠠᠪᠠᠯ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠢᠨ᠎ᠡ  ᠡᠭᠦᠳᠦᠭᠰᠡᠨ ᠤᠨᠤᠯ ᠪᠣᠯ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠮᠥᠨ᠂ ᠨᠠᠮ ᠤᠨ ᠰᠢᠨ᠎ᠡ ᠡᠭᠦᠳᠦᠭᠰᠡᠨ ᠤᠨᠤᠯ ᠢ ᠰᠤᠳᠤᠯᠤᠨ ᠲᠠᠶᠢᠯᠪᠤᠷᠢᠯᠠᠬᠤ ᠳᠤ ᠡᠷᠬᠡᠪᠰᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠨᠠᠮ ᠤᠨ ᠤᠨᠤᠯ ᠤᠨ ᠪᠠᠶᠢᠭᠤᠯᠤᠯᠲᠠ ᠶᠢ ᠰᠤᠳᠤᠯᠬᠤ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠭᠰᠡᠨ ᠤᠨᠤᠯ ᠤᠨ ᠬᠠᠷᠢᠭᠤᠯᠬᠤ ᠴᠢᠬᠤᠯᠠᠲᠠᠢ ᠠᠰᠠᠭᠤᠳᠠᠯ ᠪᠣᠯ ᠳᠠᠷᠤᠢ ᠰᠢᠰᠲ᠋ᠧᠮᠵᠢᠭᠰᠡᠨ ᠰᠤᠳᠤᠯᠭᠠᠨ ᠪᠣᠯᠣᠨ ᠶᠣᠰᠣᠵᠢᠭᠤᠯᠤᠭᠰᠠᠨ ᠲᠠᠶᠢᠯᠪᠤᠷᠢᠯᠠᠯᠲᠠ ᠶᠢᠨ ᠠᠩᠬᠠᠷᠤᠯ ᠢᠶᠠᠨ ᠲᠥᠪᠯᠡᠷᠡᠭᠦᠯᠬᠦ ᠠᠰᠠᠭᠤᠳᠠᠯ ᠪᠣᠯᠣᠨ᠎ᠠ᠃ ᠲᠠᠭᠢᠪᠠᠯ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠭᠦᠨ ᠤᠬᠠᠭᠠᠨ᠂ ᠲᠡᠦᠬᠡ ᠶᠢᠨ ᠤᠬᠠᠭᠠᠨ᠂ ᠠᠵᠤ ᠠᠬᠤᠢ ᠶᠢᠨ ᠤᠬᠠᠭᠠᠨ᠂ ᠤᠯᠤᠰ ᠲᠦᠷᠦ ᠶᠢᠨ ᠤᠬᠠᠭᠠᠨ᠂ ᠬᠠᠤᠯᠢ ᠶᠢᠨ ᠤᠬᠠᠭᠠᠨ᠂ ᠨᠡᠶᠢᠭᠡᠮ ᠤᠨ ᠤᠬᠠᠭᠠᠨ᠂ ᠰᠣᠨᠢᠨ ᠮᠡᠳᠡᠭᠡᠨ ᠤ ᠤᠬᠠᠭᠠᠨ ᠵᠡᠷᠭᠡ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠤᠨᠤᠯ ᠤᠨ ᠰᠤᠳᠤᠯᠭᠠᠨ ᠢ ᠴᠢᠩᠭᠠᠳᠬᠠᠬᠤ ᠶᠢᠨ ᠬᠠᠮᠲᠤ ᠴᠢᠬᠤᠯᠠ ᠶᠡᠭᠡ ᠠᠴᠢ ᠬᠤᠯᠪᠣᠭᠳᠠᠯ ᠪᠦᠬᠦᠢ ᠰᠢᠨ᠎ᠡ ᠪᠠᠷ ᠮᠠᠨᠳᠤᠭᠰᠠᠨ ᠰᠢᠨᠵᠢᠯᠡᠭᠡᠨ ᠤ ᠰᠠᠯᠠᠭ᠎ᠠ ᠪᠠ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤᠷᠠᠯ ᠰᠤᠳᠤᠯᠭᠠᠨ ᠤ ᠦᠷ᠎ᠡ ᠪᠦᠲᠦᠭᠡᠯ ᠢ ᠭᠠᠷᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠭᠰᠡᠨ ᠤᠨᠤᠯ ᠤᠨ ᠰᠤᠳᠤᠯᠭᠠᠨ ᠳᠤ ᠤᠨᠤᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃       ᠰᠤᠷᠤᠯᠴᠠᠬᠤ ᠣᠬᠠᠭᠤᠯᠬᠤ ᠶᠢᠨ ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠬᠦᠴᠦᠯᠡᠨ ᠴᠢᠩᠭᠠᠳᠬᠠᠵᠤ᠂ ᠣᠬᠠᠭᠤᠯᠬᠤ ᠲᠦᠭᠡᠮᠡᠯᠵᠢᠭᠦᠯᠬᠦ ᠶᠢᠨ ᠲᠠᠲᠠᠬᠤ ᠬᠦᠴᠦᠨ ᠨᠥᠯᠥᠭᠡᠯᠡᠬᠦ ᠬᠦᠴᠦᠨ ᠢ ᠴᠢᠩᠭᠠᠳᠬᠠᠬᠤ ᠬᠡᠷᠡᠭᠲᠡᠢ       ᠰᠣᠨᠢᠨ ᠮᠡᠳᠡᠭᠡᠨ ᠤ ᠤᠬᠠᠭᠤᠯᠭ᠎ᠠ ᠨᠢ ᠴᠢᠭᠯᠡᠭᠦᠯᠦᠯᠲᠦ ᠴᠢᠨᠠᠷ ᠲᠠᠢ᠂ ᠪᠣᠳᠠᠲᠤ ᠦᠷ᠎ᠡ ᠪᠦᠲᠦᠮᠵᠢᠲᠦ ᠴᠢᠨᠠᠷ ᠲᠠᠢ ᠪᠠᠶᠢᠬᠤ ᠶᠢ ᠱᠠᠭᠠᠷᠳᠠᠵᠤ᠂ ᠠᠮᠢᠳᠤᠯᠢᠭ ᠳᠦᠷᠰᠦᠯᠢᠭ ᠢᠶᠠᠷ ᠢᠯᠡᠳᠬᠡᠵᠦ᠂ ᠬᠥᠮᠥᠨ ᠢ ᠲᠠᠲᠠᠬᠤ᠂ ᠬᠥᠮᠥᠨ ᠢ ᠨᠥᠯᠥᠭᠡᠯᠡᠬᠦ ᠵᠣᠷᠢᠯᠭ᠎ᠠ ᠳᠤ ᠬᠦᠷᠬᠦ ᠬᠡᠷᠡᠭᠲᠡᠢ᠃ ᠡᠭᠦᠨ ᠲᠠᠢ ᠠᠳᠠᠯᠢ ᠪᠠᠷ᠂ ᠤᠨᠤᠯ ᠤᠨ ᠤᠬᠠᠭᠤᠯᠭ᠎ᠠ ᠳᠤ ᠴᠤ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠᠶᠢᠬᠤ ᠬᠡᠷᠡᠭᠲᠡᠢ᠃ ᠭᠡᠪᠡᠴᠦ ᠤᠨᠤᠯ ᠨᠢ ᠰᠣᠨᠢᠨ ᠮᠡᠳᠡᠭᠡ ᠲᠠᠢ ᠠᠳᠠᠯᠢ ᠦᠭᠡᠢ ᠪᠠᠶᠢᠳᠠᠭ᠂ ᠤᠨᠤᠯ ᠪᠣᠯ ᠪᠤᠰᠤᠳᠴᠢ ᠬᠡᠷᠡᠭ ᠪᠣᠳᠠᠰ ᠢ ᠬᠡᠶᠢᠰᠪᠦᠷᠢᠵᠢᠭᠦᠯᠬᠦ᠂ ᠶᠣᠰᠣᠵᠢᠭᠤᠯᠬᠤ᠂ ᠰᠢᠰᠲ᠋ᠧᠮᠵᠢᠭᠦᠯᠦᠨ ᠢᠯᠡᠳᠬᠡᠬᠦ ᠰᠡᠳᠬᠢᠬᠦᠢ ᠶᠢᠨ ᠰᠢᠰᠲ᠋ᠧᠮ ᠮᠥᠨ᠂ ᠭᠦᠨ ᠭᠦᠨᠵᠡᠭᠡᠢ ᠪᠠᠶᠢᠳᠠᠭ ᠣᠨᠴᠠᠯᠢᠭ ᠰᠢᠨᠵᠢ ᠲᠠᠢ᠃ ᠰᠣᠨᠢᠨ ᠮᠡᠳᠡᠭᠡ ᠪᠣᠯ ᠣᠶᠢᠷ᠎ᠠ ᠳᠤ ᠰᠢᠨ᠎ᠡ ᠪᠠᠷ ᠡᠭᠦᠰᠦᠭᠰᠡᠨ ᠬᠡᠷᠡᠭ ᠶᠠᠪᠤᠳᠠᠯ ᠤᠨ ᠮᠡᠳᠡᠭᠡᠯᠡᠯ ᠮᠥᠨ᠂ ᠳᠦᠷᠰᠦᠯᠢᠭ ᠢᠯᠡᠳᠬᠡᠬᠦ᠂ ᠬᠢᠯᠪᠠᠷᠴᠢᠯᠠᠵᠤ ᠢᠯᠡᠳᠬᠡᠬᠦ  ᠰᠡᠳᠬᠢᠬᠦᠢ ᠶᠢᠨ ᠰᠢᠰᠲ᠋ᠧᠮ ᠮᠥᠨ᠂ ᠠᠮᠢᠳᠤᠯᠢᠭ ᠪᠠᠶᠢᠳᠠᠭ ᠣᠨᠴᠠᠯᠢᠭ ᠲᠠᠢ᠃ ᠡᠶᠢᠮᠦ ᠠᠴᠠ ᠤᠨᠤᠯ ᠤᠨ ᠤᠬᠠᠭᠤᠯᠭ᠎ᠠ ᠳᠤ ᠰᠣᠨᠢᠨ ᠮᠡᠳᠡᠭᠡᠨ ᠤ ᠤᠬᠠᠭᠤᠯᠭ᠎ᠠ ᠶᠢᠨ ᠠᠷᠭ᠎ᠠ ᠮᠡᠷᠭᠡᠵᠢᠯ ᠢ ᠲᠣᠯᠢᠳᠠᠬᠤ ᠬᠡᠷᠡᠭᠲᠡᠢ᠂ ᠪᠣᠳᠠᠲᠠᠢ ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠶᠢ ᠭᠦᠢᠴᠡᠳᠬᠡᠬᠦ ᠬᠡᠷᠡᠭᠲᠡᠢ᠄       ᠨᠢᠭᠡᠳᠦᠭᠡᠷ ᠲᠤ᠂ ᠬᠡᠶᠢᠰᠪᠦᠷᠢ ᠶᠢ ᠪᠣᠳᠠᠲᠠᠢ ᠪᠤᠯᠭᠠᠬᠤ ᠬᠡᠷᠡᠭᠲᠡᠢ᠃ ᠤᠨᠤᠯ ᠪᠣᠯ ᠠᠮᠢᠳᠤᠯᠢᠭ ᠦᠢᠯᠡᠳᠦᠯᠭᠡ ᠠᠴᠠ ᠢᠷᠡᠳᠡᠭ ᠪᠥᠭᠡᠳ ᠪᠠᠰᠠ ᠦᠢᠯᠡᠳᠦᠯᠭᠡ ᠠᠴᠠ ᠳᠡᠭᠡᠭᠦᠷ ᠪᠠᠶᠢᠳᠠᠭ᠂ ᠦᠢᠯᠡᠳᠦᠯᠭᠡ ᠶᠢ  ᠬᠡᠶᠢᠰᠪᠦᠷᠢᠯᠡᠨ ᠢᠯᠡᠳᠬᠡᠳᠡᠭ᠃ ᠵᠢᠱᠢᠶᠡᠯᠡᠪᠡᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ  ᠡᠭᠦᠳᠦᠭᠰᠡᠨ ᠤᠨᠤᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯ ᠦᠭᠡ ᠶᠠᠷᠢᠶᠠᠨ ᠤ ᠤᠨᠤᠯ ᠤᠨ ᠰᠢᠰᠲ᠋ᠧᠮᠵᠢᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠦᠭᠰᠡᠨ ᠶᠠᠪᠤᠴᠠ ᠪᠤᠯᠬᠤ ᠪᠥᠭᠡᠳ ᠪᠠᠰᠠ ᠴᠤ ᠲᠠᠰᠤᠷᠠᠯᠳᠠ ᠦᠭᠡᠢ ᠦᠷᠭᠦᠯᠵᠢᠯᠡᠭᠰᠡᠨ ᠤᠨᠤᠯ ᠤᠨ ᠲᠤᠰ ᠪᠡᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠠᠪᠤᠴᠠ ᠪᠣᠯᠣᠨ᠎ᠠ᠂ ᠡᠨᠡ ᠬᠦ ᠶᠠᠪᠤᠴᠠ ᠳᠤ ᠤᠨᠤᠯ ᠨᠢ ᠡᠯᠪᠡᠭ ᠪᠠᠶᠠᠯᠢᠭ ᠠᠮᠢᠳᠤᠯᠢᠭ ᠦᠢᠯᠡᠳᠦᠯᠭᠡ ᠠᠴᠠ ᠢᠷᠡᠯᠲᠡ ᠲᠠᠢ ᠶᠤᠮ᠃ ᠤᠨᠤᠯ ᠤᠨ ᠤᠬᠠᠭᠤᠯᠭ᠎ᠠ ᠶᠢᠨ ᠳᠤᠮᠳᠠ ᠬᠡᠶᠢᠰᠪᠦᠷᠢ ᠶᠢ ᠪᠣᠳᠠᠲᠠᠢ ᠪᠣᠯᠭᠠᠨ᠂ ᠠᠮᠢᠳᠤᠯᠢᠭ ᠦᠢᠯᠡᠳᠦᠯᠭᠡ ᠪᠠᠷ ᠳᠠᠮᠵᠢᠭᠤᠯᠤᠨ ᠬᠡᠶᠢᠰᠪᠦᠷᠢ ᠪᠥᠭᠡᠳ ᠭᠦᠨᠵᠡᠭᠡᠢ ᠤᠨᠤᠯ ᠢ ᠳᠡᠯᠭᠡᠷᠡᠭᠦᠯᠵᠦ ᠪᠣᠯᠣᠨ᠎ᠠ᠃ ᠵᠢᠱᠢᠶᠡᠯᠡᠪᠡᠯ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠤᠨ ᠲᠤᠬᠠᠢ ᠤᠬᠠᠭᠤᠯᠭ᠎ᠠ ᠶᠢᠨ ᠮᠡᠳᠡᠭᠡᠯᠡᠯ ᠢ ᠠᠩᠭ᠍ᠯᠢ ᠶᠢᠨ BBC ᠲᠧᠯᠸᠢᠰ ᠬᠤᠷᠢᠶ᠎ᠠ ᠳᠤᠮᠳᠠᠳᠤ ᠤᠯᠤᠰ ᠤᠨ ᠲᠥᠪ ᠲᠧᠯᠸᠢᠰ ᠬᠤᠷᠢᠶ᠎ᠠ ᠲᠠᠢ ᠬᠠᠮᠲᠤᠷᠠᠨ ᠰᠡᠭᠦᠳᠡᠷᠯᠡᠨ ᠦᠢᠯᠡᠳᠴᠦ᠂ 50 ᠭᠠᠷᠤᠢ ᠤᠯᠤᠰ ᠤᠨ ᠳᠡᠰ ᠤᠨ ᠬᠡᠭᠡᠷ᠎ᠡ ᠶᠢᠨ ᠠᠮᠢᠲᠠᠨ ᠤᠷᠭᠤᠮᠠᠯ ᠪᠠ ᠦᠵᠡᠮᠵᠢ ᠶᠢᠨ ᠬᠠᠮᠠᠭᠠᠯᠠᠯᠲᠠ ᠶᠢᠨ ᠣᠷᠣᠨ᠂ 86 ᠵᠦᠢᠯ ᠤᠨ ᠳᠤᠮᠳᠠᠳᠤ ᠤᠯᠤᠰ ᠤᠨ ᠬᠤᠪᠣᠷ ᠴᠤᠬᠠᠭ ᠬᠡᠭᠡᠷ᠎ᠡ ᠶᠢᠨ ᠠᠮᠢᠲᠠᠨ ᠤᠷᠭᠤᠮᠠᠯ᠂ ᠪᠠᠰᠠ 30 ᠭᠠᠷᠤᠢ ᠦᠨᠳᠦᠰᠦᠲᠡᠨ ᠤ ᠠᠮᠢᠳᠤᠷᠠᠯ ᠤᠨ ᠦᠯᠢᠭᠡᠷ ᠢ ᠰᠡᠭᠦᠳᠡᠷᠯᠡᠨ ᠦᠢᠯᠡᠳᠦᠭᠰᠡᠨ ᠪᠠᠶᠢᠨ᠎ᠠ᠃ ᠡᠲᠡᠭᠡᠷ ᠤᠬᠠᠭᠤᠯᠭ᠎ᠠ ᠮᠡᠳᠡᠭᠡᠯᠡᠯ ᠨᠢ ᠪᠣᠳᠠᠲᠠᠢ ᠬᠡᠷᠡᠭ ᠤᠨ ᠵᠢᠱᠢᠶ᠎ᠡ᠂ ᠪᠣᠳᠠᠲᠤ ᠬᠡᠷᠡᠭ ᠢᠶᠠᠷ ᠳᠠᠮᠵᠢᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠣᠶᠢᠯᠠᠭᠠᠨ ᠤᠯᠠᠮᠵᠢᠯᠠᠬᠤ ᠳᠤ ᠰᠢᠨ᠎ᠡ ᠬᠠᠷᠠᠭᠠᠰᠤ ᠪᠠ ᠰᠡᠳᠬᠢᠮᠵᠢ ᠬᠠᠩᠭᠠᠭᠰᠠᠨ ᠪᠠᠶᠢᠨ᠎ᠠ᠃       ᠬᠤᠶᠠᠳᠤᠭᠠᠷ ᠲᠤ᠂ ᠦᠭᠡ ᠶᠠᠷᠢᠶ᠎ᠠ ᠪᠠᠷ ᠢᠯᠡᠳᠬᠡᠬᠦ ᠲᠠᠯ᠎ᠠ ᠳᠤ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠤᠨᠦᠯ ᠤᠨ ᠰᠢᠰᠲ᠋ᠧᠮ ᠪᠣᠯ ᠤᠨᠦᠯ ᠤᠨ ᠠᠢ᠂ ᠤᠨᠦᠯ ᠤᠨ ᠦᠵᠡᠯᠲᠡ᠂ ᠤᠨᠦᠯ ᠤᠨ ᠯᠣᠭᠢᠭ ᠢᠶᠠᠷ ᠪᠦᠷᠢᠯᠳᠦᠭᠰᠡᠨ ᠶᠤᠮ᠂ ᠭᠡᠪᠡᠴᠦ ᠤᠨᠦᠯ ᠤᠨ ᠰᠢᠰᠲ᠋ᠧᠮ ᠨᠢ ᠶᠡᠷᠦ ᠨᠢ ᠬᠠᠷᠠᠭᠠᠯᠵᠠᠭᠰᠠᠨ ᠦᠭᠡ ᠭᠡᠯᠡ ᠪᠠ ᠦᠭᠡ ᠬᠡᠯᠡᠨ ᠤ ᠰᠢᠰᠲ᠋ᠧᠮ ᠢᠶᠠᠷ ᠢᠯᠡᠷᠡᠳᠡᠭ᠂ ︽ᠶᠣᠰᠣ︾ ᠪᠣᠯ︽ᠦᠭᠡ︾ ᠶᠢᠨ ᠴᠥᠮ᠎ᠡ ᠨᠢ ᠮᠥᠨ᠂ ︽ᠶᠣᠰᠣ︾ ᠶᠢᠨ ᠤᠯᠠᠮᠵᠢᠯᠠᠭᠳᠠᠬᠤ ᠨᠢ ᠶᠡᠷᠦ ᠨᠢ ︽ᠦᠭᠡ︾ ᠪᠠᠷ ᠳᠠᠮᠵᠢᠳᠠᠭ᠃ ᠦᠭᠡ ᠬᠡᠯᠡᠨ ᠤ ᠢᠯᠡᠳᠬᠡᠯᠲᠡ ᠶᠢ ᠰᠢᠨᠡᠴᠢᠯᠡᠬᠦ ᠳᠤ ᠡᠷᠬᠡᠪᠰᠢ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ ᠢ ᠪᠤᠯᠪᠠᠰᠤᠷᠠᠭᠤᠯᠵᠤ᠂ ᠬᠠᠮᠲᠤ ᠶᠢᠨ ᠲᠠᠨᠢᠯᠲᠠ ᠶᠢᠨ ᠢᠯᠡᠳᠬᠡᠯᠲᠡ ᠶᠢ ᠳᠣᠪᠤᠶᠢᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄︽ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ ᠢ ᠴᠢᠳᠠᠮᠠᠭᠠᠢ ᠪᠠᠷ ᠰᠢᠷᠭᠠᠭᠠᠨ ᠪᠤᠯᠪᠠᠰᠤᠷᠠᠭᠤᠯᠵᠤ᠂ ᠳᠡᠯᠡᠬᠡᠢ ᠨᠡᠶᠢᠲᠡ ᠳᠤ ᠠᠮᠠᠷᠬᠠᠨ ᠣᠶᠢᠯᠠᠭᠠᠭᠳᠠᠬᠤ ᠪᠠ ᠭᠥᠯᠢᠶᠡᠨ ᠠᠪᠤᠭᠳᠠᠬᠤ ᠰᠢᠨ᠎ᠡ ᠤᠬᠠᠭᠳᠠᠬᠤᠨ᠂ ᠰᠢᠨ᠎ᠡ ᠠᠢ᠂ ᠰᠢᠨ᠎ᠡ ᠥᠭᠦᠯᠡᠯᠲᠡ ᠶᠢ ᠪᠤᠢ ᠪᠤᠯᠭᠠᠵᠤ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠢᠨ ᠢ ᠬᠥᠲᠥᠯᠥᠨ ᠵᠢᠯᠤᠭᠤᠳᠴᠤ ᠪᠠᠶᠢᠭᠠᠳ ᠰᠤᠳᠤᠯᠭᠠᠨ ᠪᠠ ᠶᠠᠷᠢᠯᠴᠠᠭ᠎ᠠ ᠶᠢ ᠥᠷᠨᠢᠭᠦᠯᠬᠦ ᠬᠡᠷᠡᠭᠲᠡᠢ︾ᠭᠡᠵᠦ ᠵᠢᠭᠠᠵᠤ ᠭᠠᠷᠭᠠᠪᠠ᠃ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ ᠪᠣᠯ ᠮᠠᠨ ᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠣᠯ ᠬᠢᠭᠡᠳ ᠦᠢᠯᠡᠳᠦᠯᠭᠡ ᠶᠢᠨ ᠦᠢᠯᠡᠳᠦᠯᠴᠡᠯ ᠤᠨ ᠪᠦᠲᠦᠭᠡᠭᠳᠡᠬᠦᠨ ᠮᠥᠨ᠂ ᠳᠤᠮᠳᠠᠳᠤ ᠤᠯᠤᠰ ᠤᠨ ᠡᠬᠡ ᠭᠠᠵᠠᠷ ᠲᠤ ᠰᠠᠭᠤᠷᠢᠯᠠᠭᠰᠠᠨ ᠪᠤᠯᠪᠠᠴᠤ ᠳᠡᠯᠡᠬᠡᠢ ᠨᠡᠶᠢᠲᠡ ᠳᠤ ᠣᠶᠢᠯᠠᠭᠠᠭᠳᠠᠨ ᠭᠥᠯᠢᠶᠡᠨ ᠠᠪᠤᠭᠳᠠᠬᠤ ᠪᠣᠯᠣᠨ᠎ᠠ᠃       ᠭᠤᠷᠪᠠᠳᠤᠭᠠᠷ ᠲᠤ᠂ ᠰᠦᠯᠵᠢᠶᠡᠨ ᠤ ᠳᠠᠮᠵᠢᠭᠤᠯᠭ᠎ᠠ ᠶᠢ ᠥᠷᠭᠡᠳᠬᠡᠬᠦ ᠬᠡᠷᠡᠭᠲᠡᠢ᠃ 1994 ᠣᠨ ᠳᠤ ᠢᠨᠲ᠋ᠧᠷ ᠰᠦᠯᠵᠢᠶ᠎ᠡ ᠳᠤᠮᠳᠠᠳᠤ ᠤᠯᠤᠰ ᠲᠤ ᠬᠡᠷᠡᠭᠯᠡᠭᠳᠡᠭᠰᠡᠨ ᠨᠠᠭᠠᠰᠢ᠂ ᠣᠲᠣ ᠪᠤᠯᠲᠠᠯ᠎ᠠ ᠨᠢᠭᠡᠨᠲᠡ ᠭᠤᠴᠢ ᠭᠠᠷᠤᠢ ᠵᠢᠯ ᠪᠣᠯᠵᠤ᠂ 2024 ᠣᠨ ᠤ 6 ᠰᠠᠷ᠎ᠠ ᠪᠤᠯᠲᠠᠯ᠎ᠠ᠂ ᠮᠠᠨ ᠤ ᠤᠯᠤᠰ ᠤᠨ ᠰᠦᠯᠵᠢᠶᠡᠴᠢᠳ ᠤᠨ ᠬᠡᠪᠴᠢᠶ᠎ᠡ 11 ᠳ᠋ᠦᠩᠰᠢᠭᠤᠷ ᠰᠢᠬᠠᠮ ᠬᠥᠮᠥᠨ︵10.9967 ᠳ᠋ᠦᠩᠰᠢᠭᠤᠷ ᠬᠥᠮᠥᠨ︶ ᠳᠤ ᠬᠦᠷᠴᠦ᠂ ᠢᠨᠲ᠋ᠧᠷ ᠰᠦᠯᠵᠢᠶᠡᠨ ᠤ ᠲᠦᠭᠡᠮᠡᠯᠵᠢᠭᠰᠡᠨ ᠨᠣᠷᠮ᠎ᠠ 78.0% ᠳᠤ ᠬᠦᠷᠴᠦ᠂ ᠳᠤᠮᠳᠠᠳᠤ ᠤᠯᠤᠰ ᠨᠢᠭᠡᠨᠲᠡ ᠰᠦᠯᠵᠢᠶᠡᠨ ᠤ ᠲᠣᠮᠣ ᠤᠯᠤᠰ ᠲᠡᠶᠢᠰᠢ ᠤᠷᠤᠭᠰᠢᠯᠠᠭᠰᠠᠨ ᠪᠥᠭᠡᠳ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ᠃ ᠰᠦᠯᠵᠢᠶ᠎ᠡ ᠨᠢ ᠨᠢᠭᠡᠨᠲᠡ ᠳᠤᠮᠳᠠᠳᠤ ᠤᠯᠤᠰ ᠤᠨ ᠬᠥᠮᠥᠨ ᠤ ᠠᠮᠢᠳᠤᠷᠠᠯ ᠢ ᠭᠦᠨᠵᠡᠭᠡᠢ ᠨᠥᠯᠥᠭᠡᠯᠡᠵᠦ᠂ ᠮᠡᠳᠡᠭᠡ ᠵᠠᠩᠭᠢ ᠳᠠᠮᠵᠢᠭᠤᠯᠬᠤ ᠬᠦᠷᠢᠶᠡᠨ ᠳᠤ ᠰᠦᠯᠵᠢᠶ᠎ᠡ ᠨᠢ ᠨᠢᠭᠡᠨᠲᠡ ᠠᠷᠠᠳ ᠤᠯᠠᠨ ᠤ ᠮᠡᠳᠡᠭᠡ ᠵᠠᠩᠭᠢ ᠣᠯᠬᠤ ᠬᠠᠮᠤᠭ ᠤᠨ ᠳᠥᠭᠦᠮ ᠳᠥᠲᠡ᠂ ᠬᠠᠮᠤᠭ ᠤᠨ ᠴᠢᠬᠤᠯᠠ ᠠᠷᠭ᠎ᠠ ᠵᠠᠮ ᠤᠨ ᠨᠢᠭᠡ ᠪᠣᠯᠤᠭᠰᠠᠨ ᠪᠠᠶᠢᠨ᠎ᠠ᠃ ᠡᠶᠢᠮᠦ ᠠᠴᠠ ᠤᠨᠤᠯ ᠤᠨ ᠤᠬᠠᠭᠤᠯᠭ᠎ᠠ ᠨᠢ ᠰᠦᠯᠵᠢᠶᠡᠨ ᠤ ᠳᠠᠮᠵᠢᠭᠤᠯᠭ᠎ᠠ ᠶᠢᠨ ᠣᠨᠴᠠᠯᠢᠭ ᠲᠤ ᠵᠣᠬᠢᠴᠠᠵᠤ᠂ ᠤᠨᠤᠯ ᠤᠨ ᠳᠠᠮᠵᠢᠭᠤᠯᠭ᠎ᠠ᠂ ᠤᠨᠤᠯ ᠤᠨ ᠤᠬᠠᠭᠤᠯᠭ᠎ᠠ ᠶᠢᠨ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ᠂ ᠰᠢᠨ᠎ᠡ ᠭᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠬᠡᠷᠡᠭᠲᠡᠢ᠃ ᠢᠷᠡᠭᠡᠳᠦᠢ ᠳᠤ ᠨᠡᠩ ᠴᠤ ᠣᠶᠤᠨᠴᠢᠯᠠᠭᠰᠠᠨ ᠳᠠᠮᠵᠢᠭᠤᠯᠭ᠎ᠠ ᠶᠢᠨ ᠬᠠᠨᠳᠤᠰᠢ ᠳᠤ ᠵᠣᠬᠢᠴᠠᠵᠤ᠂ ᠤᠨᠤᠯ ᠤᠨ ᠤᠬᠠᠭᠤᠯᠭ᠎ᠠ ᠳᠤ ᠣᠶᠤᠨᠴᠢᠯᠠᠭᠰᠠᠨ ᠵᠢᠭᠦᠷ ᠤᠷᠭᠤᠭᠤᠯᠵᠤ᠂ ᠤᠨᠤᠯ ᠢ ᠡᠭᠡᠯ ᠠᠷᠠᠳ ᠤᠨ ᠭᠡᠷ ᠲᠤ ᠬᠦᠷᠭᠡᠬᠦ ᠬᠡᠷᠡᠭᠲᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ