ᠸᠠᠩ ᠨᠠᠢ ᠪᠢᠨ ᠭᠠᠨᠵᠤᠤᠷ ᠰᠤᠮᠤᠨ ᠳᠤ ᠭᠦᠨᠵᠡᠭᠡᠶᠢᠷᠡᠨ ᠭᠡᠷᠡᠯᠴᠢ ᠴᠡᠨᠡᠭ ᠤᠨ ᠲᠥᠷᠥᠯ ᠵᠦᠢᠯ ᠤᠨ ᠬᠡᠷᠡᠭᠯᠡᠬᠦ ᠭᠠᠵᠠᠷ ᠪᠠ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/2/25
       2 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠭᠠᠨᠵᠤᠤᠷ ᠰᠤᠮᠤ ᠳᠤ ᠭᠦᠨᠵᠡᠭᠡᠶᠢᠷᠡᠨ ᠭᠡᠷᠡᠯᠴᠢ ᠴᠡᠨᠡᠭ ᠤᠨ ᠲᠥᠷᠥᠯ ᠵᠦᠢᠯ ᠤᠨ ᠬᠡᠷᠡᠭᠯᠡᠬᠦ ᠭᠠᠵᠠᠷ ᠪᠠ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠬᠠᠨ ᠶᠤᠸᠠᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠴᠣᠯᠮᠣᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠦ᠋ ᠴᠧᠨ ᠰᠢᠩ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠥᠬᠦ ᠶᠠᠪᠤᠴᠠ ᠳᠤ ᠪᠤᠶᠤ ᠬᠡᠰᠡᠭ ᠬᠤᠪᠢᠶᠠᠨ ᠪᠠᠷ᠎ᠠ ᠪᠣᠯᠪᠠ᠃       ᠸᠠᠩ ᠨᠠᠢ ᠪᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠣᠯᠣᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠵᠢᠴᠢ ︽ᠬᠡᠪᠲᠡᠭᠡ ᠮᠠᠶ᠋ᠢᠭ︾ ᠤᠨ ᠺᠠᠳ᠋ᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠡᠷᠭᠡ ᠶᠢᠨ ᠲᠣᠭᠤᠷᠢᠨ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃ ᠭᠠᠨᠵᠤᠤᠷ ᠰᠤᠮᠤ ᠶᠢᠨ 30 ᠲᠦᠮᠡᠨ ᠺᠢᠯᠣᠸᠠᠲ ᠤᠨ ᠭᠡᠷᠡᠯᠴᠢ ᠴᠡᠨᠡᠭ ᠢᠶᠠᠷ ᠡᠯᠡᠰᠦ ᠵᠠᠰᠠᠬᠤ ᠶᠢ ᠨᠢᠭᠡ ᠴᠣᠭᠴᠠᠵᠢᠭᠤᠯᠬᠤ ᠲᠦᠷᠦᠯ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠭᠠᠨᠵᠤᠤᠷ ᠰᠤᠮᠤ ᠶᠢᠨ ᠨᠠᠮ ᠵᠠᠰᠠᠭ ᠤᠨ ᠪᠠᠭ  ᠲᠠᠢ ᠬᠠᠮᠲᠤ ᠶᠢᠨ ᠶᠠᠷᠢᠯᠴᠠᠭ᠎ᠠ ᠬᠢᠪᠡ᠃       ᠸᠠᠩ ᠨᠠᠢ ᠪᠢᠨ ᠴᠢᠬᠤᠯᠠᠴᠢᠯᠠᠭᠰᠠᠨ ᠨᠢ᠂ 2025 ᠣᠨ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠭᠠᠨᠵᠤᠤᠷ ᠰᠤᠮᠤᠨ ᠤ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠠᠵᠤ ᠦᠢᠯᠡᠰ ᠤᠨ ᠲᠠᠰ ᠳᠡᠪᠰᠢᠬᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠬᠤᠷᠰᠢᠶᠠᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠯᠴᠢᠨ ᠲᠦᠮᠡᠨ ᠳᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠰᠢᠭ ᠲᠤᠰᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠡᠯ᠎ᠡ ᠨᠢᠭᠡᠴᠢ᠂ ᠡᠯ᠎ᠡ ᠰᠤᠮᠤ ᠬᠠᠷᠢᠯᠴᠠᠨ ᠬᠠᠮᠵᠢᠯᠴᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠨᠤᠲᠤᠭ ᠪᠡᠯᠴᠢᠭᠡᠷ ᠢ ᠰᠡᠯᠭᠦᠨ ᠮᠠᠯᠵᠢᠬᠤ ᠠᠵᠢᠯ ᠢ ᠴᠢᠬᠤᠯᠠᠴᠢᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠨᠤᠲᠤᠭ ᠪᠡᠯᠴᠢᠭᠡᠷ ᠢ ᠬᠠᠮᠠᠭᠠᠯᠠᠬᠤ ᠶᠢᠨ ᠬᠠᠮᠲᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠪᠠᠶᠢᠳᠠᠯ ᠢ ᠠᠩᠬᠠᠷᠴᠤ᠂ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠤᠷᠲᠤᠳᠬᠠᠨ ᠳᠠᠭᠠᠭᠠᠴᠢᠯᠠᠭᠤᠯᠬᠤ ᠲᠠᠯ᠎ᠠ ᠪᠠᠷ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠤᠷᠲᠤᠳᠬᠠᠨ ᠳᠠᠭᠠᠭᠠᠴᠢᠯᠠᠭᠤᠯᠬᠤ ᠠᠵᠢᠯ ᠤᠨ ᠲᠣᠭᠲᠠᠭᠤᠨ ᠢᠶᠠᠷ ᠥᠷᠨᠢᠬᠦ ᠶᠢ ᠲᠦᠯᠬᠢᠨ ᠠᠬᠢᠭᠤᠯᠬᠤ ᠬᠡᠷᠡᠭᠲᠡᠢ᠃ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ︾ ᠰᠤᠷᠲᠠᠯ ᠢ ᠡᠷᠡᠰ ᠡᠪᠳᠡᠵᠦ᠂ ᠺᠠᠳ᠋ᠷ ᠤᠨ ᠡᠩᠨᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠬᠥᠭᠵᠢᠭᠡᠬᠦ ᠬᠡᠷᠡᠭᠲᠡᠢ᠃ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃       ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠨᠠᠢ ᠪᠢᠨ ᠠᠮᠤᠭᠤᠯᠠᠩᠪᠦᠶᠢᠷᠢᠳᠦ ᠭᠠᠴᠠᠭ᠎ᠠ ᠳᠤ ᠬᠦᠷᠴᠦ᠂ ᠡᠪᠡᠰᠦᠨ ᠤ ᠦᠢᠯᠡᠰ ᠤᠨ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠬᠠᠮᠲᠤ ᠶᠢᠨ ᠠᠰᠢᠭ ᠣᠷᠣᠯᠭ᠎ᠠ᠂ ᠠᠰᠢᠭ ᠬᠤᠪᠢᠶᠠᠬᠤ ᠠᠷᠭ᠎ᠠ ᠬᠡᠯᠪᠡᠷᠢ᠂ ᠮᠠᠯᠴᠢᠳ ᠤᠨ ᠣᠷᠣᠯᠭ᠎ᠠ᠂ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠠᠬᠢ ᠲᠡᠵᠢᠭᠡᠯ ᠡᠪᠡᠰᠦᠨ ᠤ ᠨᠥᠭᠡᠴᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠤᠯᠠᠨ ᠢᠶᠠᠷ ᠢᠶᠠᠨ ᠤᠯᠠᠮᠵᠢᠯᠠᠯᠲᠤ ᠪᠦᠳᠦᠭᠦᠯᠢᠭ ᠵᠠᠭᠪᠤᠷ ᠠᠴᠠ ᠨᠠᠷᠢᠯᠢᠭ ᠲᠡᠵᠢᠭᠡᠨ ᠦᠷᠡᠵᠢᠭᠦᠯᠬᠦ ᠲᠡᠰᠢ ᠬᠡᠯᠪᠡᠷᠢ ᠪᠠᠨ ᠬᠤᠪᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠮᠠᠯ ᠠᠵᠤ ᠠᠬᠤᠢ ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠪᠤᠢ ᠪᠣᠯᠭᠠᠵᠤ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦ ᠨᠡᠮᠡᠷᠢᠯᠡᠬᠦ ᠶᠢ ᠵᠣᠷᠢᠭᠵᠢᠭᠤᠯᠪᠠ᠃    
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ