2 ᠰᠠᠷ᠎ᠠ ᠶᠢᠨ 24 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠪᠠᠢ ᠵᠧᠨ ᠰᠢᠶᠠᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠤᠶᠠᠳᠤᠭᠠᠷ ᠤᠳᠠᠭᠠᠨ ᠤ | ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ᠂ ᠪᠦᠬᠦ ᠠᠵᠢᠯᠲᠠᠨ ᠠᠵᠢᠯᠴᠢᠨ ᠬᠤᠷᠠᠯ ᠳᠤ ᠰᠤᠯᠠ | ᠣᠷᠣᠯᠴᠠᠪᠠ᠃ | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠂ ᠰᠦᠨ ᠱᠤᠤ | ᠴᠧᠩ ᠤᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ | ᠵᠣᠷᠢᠭ ᠰᠠᠨᠠᠭ᠎ᠠ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠳᠦᠷᠢᠮ ᠢ ᠲᠥᠪᠯᠡᠷᠡᠨ ᠰᠤᠷᠤᠯᠴᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠤᠯᠤᠯᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠠᠵᠢᠯᠲᠠᠨ ᠤ | ᠵᠣᠷᠢᠭᠲᠠᠢ ᠪᠠᠷ ᠡᠭᠦᠷᠭᠡᠯᠡᠵᠦ᠂ ᠵᠣᠷᠢᠭᠲᠠᠢ ᠪᠠᠷ ᠠᠵᠢᠯ ᠬᠢᠬᠦ ᠶᠢ ᠬᠥᠲᠥᠯᠥᠨ ᠵᠢᠯᠤᠭᠤᠳᠴᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠢ ᠴᠢᠷᠮᠠᠶᠢᠨ ᠰᠠᠶᠢᠲᠤᠷ | ᠪᠡᠶᠡᠯᠡᠭᠦᠯᠬᠦ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠭᠦᠨᠵᠡᠭᠡᠢ ᠰᠤᠷᠤᠯᠴᠠᠨ ᠣᠶᠢᠯᠠᠭᠠᠵᠤ᠂ ᠴᠢᠬᠤᠯᠠ ᠶᠠᠷᠢᠶᠠᠨ ᠤ ᠭᠤᠣᠯ ᠴᠢᠮᠦᠭᠡ ᠶᠢ ᠣᠨᠣᠪᠴᠢᠲᠠᠢ ᠡᠵᠡᠮᠰᠢᠵᠦ᠂ | ᠰᠢᠨ᠎ᠡ ᠡᠭᠦᠳᠦᠯᠲᠡ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠭᠤᠣᠯᠳᠠᠯᠭ᠎ᠠ ᠲᠠᠢ ᠤᠶᠠᠯᠳᠤᠭᠤᠯᠤᠨ᠂ ᠬᠦᠴᠦᠨ ᠢᠶᠠᠨ | ᠲᠥᠪᠯᠡᠷᠡᠭᠦᠯᠦᠨ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠵᠤ᠂ ᠦᠨᠡᠨ ᠦᠭᠡ ᠬᠡᠯᠡᠵᠦ ᠰᠠᠶᠢᠨ ᠤᠬᠠᠭᠠᠨ ᠭᠠᠷᠭᠠᠨ ᠪᠣᠳᠠᠲᠠᠢ ᠠᠷᠭ᠎ᠠ | ᠪᠣᠳᠣᠯᠭ᠎ᠠ ᠰᠡᠳᠬᠢᠯᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ | ᠬᠡᠷᠡᠭᠲᠡᠢ᠃ |