2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠠᠶᠢᠭᠤᠯᠭ᠎ᠠ ᠶᠢᠨ ᠺᠠᠳ᠋ᠷᠴᠤᠳ ᠤᠨ | ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠺᠠᠳ᠋ᠷ ᠢ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠨᠢ ᠪᠠᠭᠤᠯᠭᠠᠬᠤ ᠲᠣᠭᠲᠠᠭᠠᠯ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ | ᠢᠦᠢ ᠭᠠᠩ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠣᠭᠲᠠᠭᠠᠯ ᠢ ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠦᠦ ᠰᠢᠶᠠᠨ ᠬᠤᠸᠠ ᠨᠥᠬᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ | ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠵᠧᠩ ᠬᠤᠩ ᠹᠠᠨ ᠨᠥᠬᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠬᠤ ᠪᠠᠨ ᠪᠣᠯᠢᠨ᠎ᠠ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠵᠠᠢ᠃ | | | 2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠠᠶᠢᠭᠤᠯᠭ᠎ᠠ ᠶᠢᠨ ᠺᠠᠳ᠋ᠷᠴᠤᠳ ᠤᠨ | ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠺᠠᠳ᠋ᠷ ᠢ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠨᠢ ᠪᠠᠭᠤᠯᠭᠠᠬᠤ ᠲᠣᠭᠲᠠᠭᠠᠯ ᠢ ᠨᠡᠶᠢᠲᠡᠯᠡᠪᠡ᠃ | | | ᠰᠦᠨ ᠱᠤᠤ ᠴᠧᠩ᠂ ᠡᠨᠡ ᠤᠳᠠᠭ᠎ᠠ ᠶᠢᠨ ᠺᠠᠳ᠋ᠷ ᠤᠨ ᠲᠣᠬᠢᠷᠠᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠭᠡ ᠲᠠᠯ᠎ᠠ ᠠᠴᠠ | ᠡᠭᠦᠰᠴᠦ᠂ ᠠᠵᠢᠯ ᠤᠨ ᠬᠡᠷᠡᠭᠴᠡᠭᠡ ᠪᠣᠯᠣᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠪᠦᠭᠦ ᠲᠠᠯ᠎ᠠ ᠪᠠᠷ ᠪᠣᠳᠣᠯᠬᠢᠯᠠᠵᠤ᠂ | ᠨᠠᠷᠢᠨ ᠬᠢᠨᠠᠮᠠᠭᠠᠢ ᠰᠤᠳᠤᠯᠵᠤ ᠭᠠᠷᠭᠠᠭᠰᠠᠨ ᠲᠣᠭᠲᠠᠭᠠᠯ ᠪᠣᠯᠣᠨ᠎ᠠ᠃ ᠤᠯᠠᠨ ᠢᠶᠠᠷ ᠢᠶᠠᠨ ᠤᠯᠤᠰ ᠲᠦᠷᠦ ᠶᠢ ᠡᠷᠭᠢᠮᠯᠡᠭᠦ᠂ ᠶᠡᠭᠡ ᠲᠠᠯ᠎ᠠ ᠶᠢ ᠬᠠᠷᠠᠭᠠᠯᠵᠠᠬᠤ᠂ ᠰᠠᠬᠢᠯᠭ᠎ᠠ | ᠪᠠᠲᠤ ᠶᠢ ᠰᠠᠬᠢᠬᠤ ᠥᠨᠳᠥᠷᠴᠡ ᠠᠴᠠ ᠪᠦᠦ ᠰᠢᠶᠠᠨ ᠬᠤᠸᠠ ᠨᠥᠬᠦᠷ ᠤᠨ ᠠᠵᠢᠯ ᠢ ᠪᠦᠭᠦ ᠬᠦᠴᠦᠨ ᠢᠶᠠᠷ ᠢᠶᠠᠨ ᠳᠡᠮᠵᠢᠨ ᠬᠠᠮᠵᠢᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠰᠤᠷᠲᠠᠯ ᠤᠬᠠᠭᠤᠯᠭ᠎ᠠ ᠶᠢᠨ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠡᠢ᠃ | | | ᠰᠦᠨ ᠱᠤᠤ ᠴᠧᠩ᠂ ᠣᠶᠢᠷ᠎ᠠ ᠶᠢᠨ ᠬᠡᠳᠦᠨ ᠵᠢᠯ ᠳᠤ ᠰᠤᠷᠲᠠᠯ ᠤᠬᠠᠭᠤᠯᠭ᠎ᠠ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠬᠤ᠂ ᠤᠮᠠᠷᠠᠲᠤ | ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠬᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠵᠡᠷᠭᠡ ᠲᠠᠯ᠎ᠠ ᠪᠠᠷ ᠶᠡᠭᠡ | ᠬᠡᠮᠵᠢᠶᠡᠨ ᠤ ᠠᠵᠢᠯ ᠬᠢᠵᠦ᠂ ︽ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠱᠤᠭᠤᠬᠤ︾ ᠶᠢᠨ ᠲᠥᠯᠥᠭᠡ ᠢᠳᠡᠪᠬᠢᠲᠡᠢ ᠬᠤᠪᠢ ᠨᠡᠮᠡᠷᠢ | ᠦᠵᠡᠭᠦᠯᠪᠡ᠃ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ | ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ | ᠬᠡᠷᠡᠭᠲᠡᠢ᠃ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠲᠦᠷᠪᠡᠨ ᠰᠤᠷᠤᠯᠴᠠᠯᠭ᠎ᠠ︾ | ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠤᠨᠤᠯ ᠤᠨ ᠤᠬᠠᠭᠤᠯᠭ᠎ᠠ ᠶᠢ ᠤᠯᠠᠨ ᠲᠦᠮᠡᠨ ᠲᠠᠢ ᠨᠡᠩ ᠣᠶᠢᠷᠠᠲᠤᠭᠤᠯᠵᠤ᠂ ᠨᠡᠩ | ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠬᠢᠯᠢ ᠬᠢᠵᠠᠭᠠᠷ ᠤᠨ ᠵᠠᠰᠠᠯᠲᠠ ᠶᠢᠨ ᠰᠤᠳᠤᠯᠭᠠᠨ ᠢ ᠰᠠᠶᠢᠲᠤᠷ ᠠᠳᠬᠤᠵᠤ᠂ ︽ᠵᠢᠷᠭᠤᠭᠠᠨ ᠥᠭᠦᠯᠡᠪᠦᠷᠢ ᠦᠭᠡ ᠶᠢᠨ | ᠪᠣᠳᠠᠲᠤ ᠶᠠᠪᠤᠳᠠᠯ ᠪᠠ ᠶᠣᠰᠣ ᠤᠴᠢᠷ︾ ᠢ ᠠᠮᠢᠳᠤᠯᠢᠭ ᠲᠤᠭᠤᠰᠢᠲᠠᠢ ᠶᠠᠷᠢᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠳᠤ ᠰᠦᠷ ᠬᠦᠴᠦᠨ ᠨᠡᠮᠡᠷᠢᠯᠡᠵᠦ᠂ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠥᠷᠨᠢᠭᠦᠨ ᠪᠠᠶᠢᠳᠠᠯ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ | ᠲᠡᠷᠢᠭᠦᠨ ᠤ ᠨᠡᠶᠢᠲᠡᠯᠢᠭ ᠵᠢᠱᠢᠶ᠎ᠡ᠂ ᠠᠵᠢᠯ ᠦᠢᠯᠡᠰ ᠤᠨ ᠶᠡᠭᠡ ᠶᠢ ᠪᠦᠲᠦᠭᠡᠵᠦ ᠪᠤᠯᠬᠤ ᠰᠠᠷᠠᠭᠤᠯ ᠢᠷᠡᠭᠡᠳᠦᠢ ᠶᠢ ᠨᠡᠩ ᠥᠷᠭᠡᠨ ᠳᠡᠯᠭᠡᠷ ᠭᠦᠨ ᠭᠦᠨᠵᠡᠭᠡᠢ | ᠢᠯᠡᠷᠡᠭᠦᠯᠵᠦ᠂ ᠡᠯ᠎ᠡ ᠲᠠᠯ᠎ᠠ ᠶᠢᠨ ᠬᠢᠨ ᠤ ᠴᠤᠭ ᠰᠦᠯᠳᠡ ᠡᠷᠴᠢ ᠵᠣᠷᠢᠭ ᠢ ᠤᠯᠠᠮ ᠪᠠᠳᠠᠷᠠᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠨ ᠦᠵᠡᠭᠦᠯᠭᠦ᠂ | ᠵᠣᠬᠢᠶᠠᠨ ᠪᠦᠲᠦᠭᠡᠵᠦ ᠣᠨᠳᠣᠣᠰᠢᠭᠤᠯᠬᠤ᠂ ᠲᠦᠷᠦᠯ ᠲᠡᠮᠳᠡᠭ ᠢ ᠳᠡᠯᠭᠡᠷᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ ᠤᠯᠠᠨ ︽ᠨᠡᠷ᠎ᠡ | ᠠᠯᠳᠠᠷᠰᠢᠭᠰᠠᠨ︾᠂ ︽ᠭᠤᠶᠢᠳᠠ ᠰᠠᠶᠢᠬᠠᠨ︾ ᠤᠳᠬ᠎ᠠ ᠤᠷᠠᠯᠢᠭ ᠤᠨ ᠪᠦᠲᠦᠭᠡᠭᠳᠡᠬᠦᠨ ᠢ ᠵᠣᠬᠢᠶᠠᠨ ᠪᠦᠲᠦᠭᠡᠬᠦ ᠬᠡᠷᠡᠭᠲᠡᠢ᠃ ᠰᠣᠶᠣᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠰᠣᠶᠣᠯ ᠤᠨ ᠦᠢᠯᠡᠰ ᠤᠨ ᠬᠥᠭᠵᠢᠯᠲᠡ ᠳᠤ | ᠠᠮᠢᠵᠢᠷᠠᠯ ᠤᠨ ᠬᠦᠴᠦᠨ ᠨᠡᠮᠡᠷᠢᠯᠡᠵᠦ᠂ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠪᠡ᠃ | 2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠵᠧᠩ ᠬᠤᠩ ᠹᠠᠨ ᠣᠪᠣᠷ ᠢᠶᠠᠨ ᠢᠯᠡᠳᠬᠡᠬᠦ | ᠦᠭᠡ ᠬᠡᠯᠡᠪᠡ᠃ | ᠪᠦᠦ ᠰᠢᠶᠠᠨ ᠬᠤᠸᠠ᠂ ᠵᠧᠩ ᠬᠤᠩ ᠹᠠᠨ ᠣᠪᠣᠷ ᠢᠶᠠᠨ ᠢᠯᠡᠳᠬᠡᠬᠦ ᠦᠭᠡ ᠬᠡᠯᠡᠵᠡᠢ᠃ |