ᠨᠡᠶᠢᠲᠡ ᠶᠢᠨ WIFI ᠨᠢ ᠬᠡᠳᠦ᠋ᠢᠪᠡᠷ ᠬᠡᠷᠡᠭᠯᠡᠬᠦ ᠳᠤ ᠳᠥᠭᠦᠮ ᠪᠤᠯᠪᠠᠴᠤ ᠪᠠᠰᠠ ᠴᠥᠭᠡᠨ ᠪᠤᠰᠤ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠬᠤ | ᠪᠣᠯᠬᠤᠷ ᠬᠢᠴᠢᠶᠡᠬᠦ ᠦᠭᠡᠢ ᠪᠣᠯ ᠮᠡᠬᠡᠯᠡᠭᠴᠢ ᠶᠢᠨ ᠤᠷᠠᠬ᠎ᠠ ᠳᠤ ᠤᠨᠠᠨ᠎ᠠ᠃ | ᠵᠠᠩ ᠬᠠᠲᠤᠭᠲᠠᠢ ᠳᠡᠯᠭᠡᠭᠦᠷ ᠲᠣᠭᠤᠷᠢᠵᠤ ᠪᠠᠶᠢᠬᠤ ᠳᠠᠭᠠᠨ ᠳᠡᠯᠭᠡᠭᠦᠷ ᠤᠨ ᠨᠢᠭᠡᠨ ᠨᠢᠭᠤᠴᠠ ᠨᠣᠮᠧᠷ ᠦᠭᠡᠢ WIFI ᠶᠢ ᠵᠠᠯᠭᠠᠭᠠᠳ ᠭᠠᠷ ᠤᠲᠠᠰᠤᠨ | ᠪᠠᠩᠬᠢ ᠪᠠᠷ ᠲᠣᠭᠠᠴᠠᠭ᠎ᠠ ᠬᠢᠵᠦ᠂ ᠨᠢᠭᠡ ᠵᠠᠬ᠎ᠠ ᠬᠤᠪᠴᠠᠰᠤ ᠬᠤᠳᠠᠯᠳᠤᠨ ᠠᠪᠴᠠᠢ᠃ ᠳᠡᠮᠡᠢ ᠤᠳᠠᠭᠰᠠᠨ ᠦᠭᠡᠢ ᠵᠠᠩ ᠬᠠᠲᠤᠭᠲᠠᠢ ᠭᠠᠷ ᠤᠲᠠᠰᠤᠨ ᠤ ᠣᠬᠤᠷ | ᠮᠡᠳᠡᠭᠡ ᠶᠢ ᠣᠯᠠᠨᠲᠠ ᠲᠤᠰᠪᠠ᠂ ᠲᠡᠷᠡ ᠣᠬᠤᠷ ᠮᠡᠳᠡᠭᠡ ᠶᠢᠨ ᠰᠠᠨᠠᠭᠤᠯᠤᠮᠵᠢ ᠶᠢ ᠦᠵᠡᠭᠰᠡᠨ ᠴᠢᠨᠢ ᠲᠡᠭᠦᠨ ᠤ ᠢᠲᠡᠭᠡᠮᠵᠢ ᠶᠢᠨ ᠺᠠᠷᠲ ᠠᠴᠠ ᠤᠷᠢᠳ ᠬᠤᠵᠢᠳ | 9000 ᠭᠠᠷᠤᠢ ᠲᠥᠭᠦᠷᠢᠭ ᠬᠤᠯᠠᠭᠠᠶᠢᠯᠠᠨ ᠰᠢᠷᠪᠢᠭᠰᠡᠨ ᠢ ᠣᠯᠵᠤ ᠮᠡᠳᠡᠵᠡᠢ᠃ ᠯᠢ ᠠᠪᠤᠭᠠᠢ ᠭᠠᠷ ᠤᠲᠠᠰᠤ ᠪᠠᠨ ᠠᠦ᠋ᠲ᠋ᠣ᠋ ᠬᠠᠶᠢᠯᠲᠠ ᠪᠠᠷ WIFI ᠶᠢ ᠠᠶᠠᠨᠳᠠᠭᠠᠨ | ᠬᠤᠯᠪᠣᠬᠤ ᠪᠣᠯᠭᠠᠨ ᠲᠣᠬᠢᠷᠠᠭᠤᠯᠪᠠ᠃ ᠨᠢᠭᠡᠨ ᠡᠳᠦᠷ ᠭᠠᠳᠠᠨ᠎ᠠ ᠬᠤᠭᠤᠯᠠ ᠢᠳᠡᠵᠦ ᠪᠠᠶᠢᠬᠤ ᠳᠤ ᠲᠡᠭᠦᠨ ᠤ ᠭᠠᠷ ᠤᠲᠠᠰᠤ ᠨᠢ ᠠᠦ᠋ᠲ᠋ᠣ᠋ ᠬᠠᠶᠢᠯᠲᠠ ᠪᠠᠷ ᠨᠢᠭᠤᠴᠠ | ᠨᠣᠮᠧᠷ ᠦᠭᠡᠢ ᠪᠥᠭᠡᠳ ᠦᠨ᠎ᠡ ᠲᠥᠯᠥᠪᠦᠷᠢ ᠦᠭᠡᠢ WIFI ᠶᠢ ᠵᠠᠯᠭᠠᠭᠰᠠᠨ ᠪᠠᠶᠢᠯ᠎ᠠ᠃ ᠲᠣᠰ WIFI ᠶᠢ ᠬᠡᠷᠡᠭᠯᠡᠵᠦ ᠪᠠᠶᠢᠬᠤ ᠬᠤᠭᠤᠴᠠᠭᠠᠨ ᠳᠤ᠂ ᠯᠢ ᠠᠪᠤᠭᠠᠢ | ᠥᠪᠡᠷ ᠤᠨ ᠭᠠᠷ ᠤᠲᠠᠰᠤᠨ ᠤ ᠰᠦᠯᠵᠢᠶᠡᠨ ᠪᠠᠩᠬᠢ ᠳᠡᠭᠡᠷ᠎ᠡ ᠭᠠᠷᠤᠭᠰᠠᠨ ᠪᠥᠭᠡᠳ ᠪᠠᠩᠬᠢ ᠶᠢᠨ ᠺᠠᠷᠲ ᠤᠨ ᠨᠣᠮᠧᠷ ᠵᠢᠴᠢ ᠨᠢᠭᠤᠴᠠ ᠨᠣᠮᠧᠷ ᠢᠶᠠᠨ ᠣᠷᠣᠭᠤᠯᠵᠤ | ᠪᠠᠩᠬᠢ ᠶᠢᠨ ᠺᠠᠷᠲ ᠤᠨ ᠲᠠᠩᠰᠠᠨ ᠡᠷᠦᠭᠡ ᠶᠢᠨ ᠦᠯᠡᠳᠡᠪᠦᠷᠢ ᠵᠣᠭᠤᠰ ᠢᠶᠠᠨ ᠪᠠᠶᠢᠴᠠᠭᠠᠨ ᠯᠠᠪᠯᠠᠪᠠ᠃ ᠳᠠᠷᠠᠭ᠎ᠠ ᠡᠳᠦᠷ ᠨᠢ ᠲᠡᠷᠡ 3000 ᠲᠥᠭᠦᠷᠢᠭ ᠵᠠᠷᠤᠪᠠ | ᠭᠡᠰᠡᠨ ᠭᠠᠷ ᠤᠲᠠᠰᠤᠨ ᠤ ᠣᠬᠤᠷ ᠮᠡᠳᠡᠭᠡ ᠪᠣᠯᠣᠨ ᠪᠠᠩᠬᠢ ᠶᠢᠨ ᠺᠠᠷᠲ ᠠᠴᠠ ᠨᠢ ᠵᠣᠭᠤᠰ ᠰᠢᠯᠵᠢᠭᠦᠯᠦᠭᠰᠡᠨ ᠪᠠ ᠬᠡᠷᠡᠭᠯᠡᠭᠰᠡᠨ ᠣᠬᠤᠷ ᠮᠡᠳᠡᠭᠡ ᠶᠢ ᠣᠯᠵᠤ | ᠳᠤᠰᠤᠭᠰᠠᠨ ᠪᠠᠶᠢᠨ᠎ᠠ᠃ | ᠲᠡᠭᠡᠪᠡᠯ ᠪᠢᠳᠡ ᠡᠶᠢᠮᠦᠷᠬᠦᠦ ᠶᠠᠪᠤᠳᠠᠯ ᠢ ᠶᠠᠭᠠᠬᠢᠵᠤ ᠰᠡᠷᠭᠡᠶᠢᠯᠡᠬᠦ ᠪᠤᠢ︖ | 1. ᠢᠷᠡᠯ ᠭᠠᠷᠤᠯ ᠨᠢ ᠲᠣᠳᠣᠷᠬᠠᠢ ᠦᠭᠡᠢ WIFI ᠶᠢ ᠳᠤᠷ᠎ᠠ ᠪᠠᠷ ᠢᠶᠠᠨ ᠵᠠᠯᠭᠠᠵᠤ ᠪᠤᠯᠬᠤ ᠦᠭᠡᠢ᠂ ᠢᠯᠠᠩᠭᠤᠶ᠎ᠠ ᠦᠨ᠎ᠡ ᠲᠥᠯᠥᠪᠦᠷᠢ ᠦᠭᠡᠢ ᠪᠥᠭᠡᠳ | ᠨᠢᠭᠤᠴᠠ ᠨᠣᠮᠧᠷ ᠴᠦ ᠬᠡᠷᠡᠭᠰᠡᠬᠦ ᠦᠭᠡᠢ WIFI ᠶᠢ ᠵᠠᠯᠭᠠᠬᠤ ᠦᠭᠡᠢ᠃ | 2. ᠨᠡᠶᠢᠲᠡ ᠶᠢᠨ WIFI ᠶᠢ ᠬᠡᠷᠡᠭᠯᠡᠬᠦ ᠦᠶ᠎ᠡ ᠳᠤ᠂ ᠬᠠᠮᠤᠭ ᠰᠠᠶᠢᠨ ᠨᠢ ᠬᠤᠳᠠᠯᠳᠤᠭᠠᠴᠢᠨ ᠠᠴᠠ WIFI ᠶᠢᠨ ᠪᠣᠳᠠᠲᠠᠢ ᠨᠡᠷᠡᠶᠢᠳᠦᠯ ᠢ ᠯᠠᠪᠯᠠᠨ | ᠠᠰᠠᠭᠤᠵᠤ᠂ ᠰᠠᠨᠠᠮᠰᠠᠷ ᠦᠭᠡᠢ ᠪᠠᠷ ᠬᠠᠤᠯᠢ ᠪᠤᠰᠤ ᠡᠲᠡᠭᠡᠳ ᠤᠨ WIFI ᠲᠠᠢ ᠵᠠᠯᠭᠠᠵᠤ᠂ ᠵᠣᠭᠤᠰ ᠮᠥᠩᠭᠦᠨ ᠤ ᠬᠤᠬᠢᠷᠠᠯ ᠤᠴᠠᠷᠠᠬᠤ᠂ ᠨᠢᠭᠤᠴᠠ ᠨᠣᠮᠧᠷ᠂ ᠭᠡᠷ | ᠪᠦᠯᠢ ᠶᠢᠨ ᠬᠠᠶ᠋ᠢᠭ ᠵᠡᠷᠭᠡ ᠬᠤᠪᠢ ᠶᠢᠨ ᠨᠢᠭᠤᠴᠠ ᠮᠡᠳᠡᠭᠡ ᠵᠠᠩᠭᠢ ᠶᠢ ᠵᠠᠳᠠᠷᠠᠭᠤᠯᠬᠤ ᠠᠴᠠ ᠵᠠᠶᠢᠯᠠᠰᠬᠢᠨ᠎ᠡ᠃ | 3. ᠨᠡᠶᠢᠲᠡ ᠶᠢᠨ WIFI ᠶᠢ ᠬᠡᠷᠡᠭᠯᠡᠬᠦ ᠳᠡᠭᠡᠨ ᠰᠦᠯᠵᠢᠶᠡᠨ ᠪᠠᠩᠬᠢ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠲᠠᠩᠰᠠᠨ ᠨᠣᠮᠧᠷ ᠵᠡᠷᠭᠡ | ᠠᠵᠢᠯᠯᠠᠭ᠎ᠠ ᠬᠢᠬᠦ ᠠᠴᠠ ᠵᠠᠶᠢᠯᠠᠰᠬᠢᠬᠦ ᠶᠢᠨ ᠬᠠᠮᠲᠤ᠂ ᠰᠦᠯᠵᠢᠶᠡᠨ ᠳᠤ ᠭᠠᠷᠬᠤ ᠳᠠᠳᠬᠠᠯ ᠢ ᠠᠩᠬᠠᠷᠤᠨ᠂ ᠭᠠᠷ ᠤᠲᠠᠰᠤ᠂ ᠺᠤᠮᠫᠢᠦ᠋ᠲ᠋ᠧᠷ ᠲᠤ ᠠᠮᠤᠷ ᠲᠦᠪᠰᠢᠨ ᠤ | ᠰᠢᠷᠪᠢᠯᠲᠡ ᠬᠢᠬᠦ ᠬᠡᠷᠡᠭᠲᠡᠢ᠃ | 4. ᠭᠠᠷ ᠤᠲᠠᠰᠤ ᠶᠢᠨ ᠠᠦ᠋ᠲ᠋ᠣ᠋ ᠬᠠᠶᠢᠯᠲᠠ ᠪᠠᠷ WIFI ᠶᠢ ᠵᠠᠯᠭᠠᠬᠤ ᠴᠢᠳᠠᠮᠵᠢ ᠪᠠᠨ ᠬᠠᠭᠠᠵᠤ᠂ ᠰᠠᠨᠠᠮᠰᠠᠷ ᠦᠭᠡᠢ ᠪᠠᠷ ᠤᠷᠠᠬ᠎ᠠ ᠮᠡᠭᠡ ᠲᠠᠢ WIFI ᠶᠢ | ᠵᠠᠯᠭᠠᠬᠤ ᠶᠢ ᠰᠡᠷᠭᠡᠶᠢᠯᠡᠨ᠎ᠡ᠂ ᠬᠡᠷᠪᠡ WIFI ᠵᠠᠯᠭᠠᠭᠠᠳ ᠵᠠᠷ ᠮᠡᠳᠡᠭᠡ ᠪᠤᠶᠤ ᠥᠯᠥ ᠮᠡᠳᠡᠬᠦ ᠰᠦᠯᠵᠢᠶᠡᠨ ᠬᠠᠶ᠋ᠢᠭ ᠢᠯᠡᠷᠡᠭᠰᠡᠨ ᠪᠠᠶᠢᠪᠠᠯ ᠪᠢᠲᠡᠭᠡᠢ ᠲᠣᠪᠴᠢᠳᠠᠭᠠᠷᠠᠢ᠃ | | |