ᠮᠠᠨ ᠤ ᠣᠷᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ ᠪᠠᠶᠢᠨ᠎ᠠ᠃ ᠨᠢᠭᠡ ᠳᠤ᠂ | ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2024 ᠣᠨ ᠤ ᠰᠡᠭᠦᠯᠴᠢ ᠪᠠᠷ ᠲᠠᠷᠢᠶᠠᠯᠠᠬᠤ ᠭᠠᠵᠠᠷ ᠤᠨ ᠰᠢᠮ᠎ᠡ | ᠴᠢᠨᠠᠷ ᠢ ᠬᠠᠮᠠᠭᠠᠯᠠᠬᠤ ᠨᠡᠮᠡᠭᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ | ᠠᠰᠢᠭ ᠣᠯᠬᠤ ᠠᠵᠢᠯᠯᠠᠭᠠᠨ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ 100.2 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠲᠥᠷᠥ ᠶᠢᠨ | ᠪᠣᠳᠣᠯᠭ᠎ᠠ ᠶᠢᠨ ᠲᠤᠬᠢᠶ᠎ᠠ ᠶᠢ ᠤᠷᠢᠳᠴᠢᠯᠠᠨ ᠮᠡᠳᠡᠷᠡᠭᠦᠯᠵᠦ᠂ ᠣᠷᠣᠨ ᠨᠤᠲᠤᠭ ᠤᠨ ᠬᠢᠨ ᠤ ᠠᠮᠤ ᠪᠤᠳᠠᠭ᠎ᠠ ᠶᠢ ᠠᠳᠬᠤᠬᠤ ᠪᠠ ᠲᠠᠷᠢᠶᠠᠴᠢᠳ ᠤᠨ ᠠᠮᠤ ᠪᠤᠳᠠᠭ᠎ᠠ | ᠲᠠᠷᠢᠬᠤ ᠢᠳᠡᠪᠬᠢᠵᠢᠯ ᠢ ᠳᠠᠶᠢᠴᠢᠯᠠᠪᠠ᠃ ᠬᠤᠶᠠᠷ ᠲᠤ᠂ ᠰᠠᠶᠢᠨ ᠲᠠᠷᠢᠶᠠᠨ ᠭᠠᠵᠠᠷ ᠤᠨ ᠰᠠᠭᠤᠷᠢ ᠶᠢ ᠪᠠᠬᠢᠵᠢᠭᠦᠯᠪᠡ᠃ ᠭᠠᠵᠠᠷ ᠰᠢᠷᠣᠶ ᠶᠢ ᠲᠡᠭᠰᠢᠯᠡᠬᠦ ᠬᠠᠮ | ᠳᠠᠶᠢᠯᠠᠯᠳᠤᠭᠠᠨ ᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ 200 ᠲᠦᠮᠡᠨ ᠮᠥ ᠭᠠᠵᠠᠷ ᠢ ᠠᠰᠢᠭᠯᠠᠯᠲᠠ ᠳᠤ ᠣᠷᠣᠭᠤᠯᠵᠤ᠂ ᠪᠥᠬᠦ ᠵᠢᠯ ᠳᠤ 850 | ᠲᠦᠮᠡᠨ ᠮᠥ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠪᠠ᠃ ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠳᠠᠲᠠᠶᠢᠵᠢᠭᠤᠯᠬᠤ ᠶᠢ | ᠪᠠᠲᠤᠯᠠᠪᠠ᠃ ᠣᠳᠣᠬᠠᠨ ᠳᠤ ᠭᠤᠤᠯ ᠪᠣᠯᠬᠤ ᠲᠠᠷᠢᠮᠠᠯ ᠤᠨ ᠦᠷ᠎ᠡ ᠶᠢ ᠪᠣᠳᠠᠲᠠᠶᠢᠵᠢᠭᠤᠯᠤᠭᠰᠠᠨ ᠨᠣᠷᠮ᠎ᠠ ᠨᠢ 50% ᠣᠷᠴᠢᠮ ᠪᠠᠶᠢᠵᠤ᠂ ᠬᠢᠮᠢ ᠶᠢᠨ ᠪᠣᠷᠲᠣᠭᠤᠷ | ᠰᠦᠯᠢᠶᠣᠣ ᠪᠦᠷᠬᠦᠪᠴᠢ ᠲᠠᠷᠢᠶᠠᠨ ᠡᠮ ᠢ ᠪᠣᠳᠠᠲᠠᠶᠢᠵᠢᠭᠤᠯᠤᠭᠰᠠᠨ ᠨᠣᠷᠮ᠎ᠠ ᠨᠢ 16% ᠣᠷᠴᠢᠮ ᠪᠠᠶᠢᠵᠤ᠂ ᠵᠢᠱᠢᠯᠲᠡ ᠪᠠᠷ 4 ᠳ᠋ᠦ᠋ᠭᠡᠷ ᠰᠠᠷ᠎ᠠ ᠠᠴᠠ ᠡᠮᠦᠨ᠎ᠡ | ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢᠶᠠᠨ ᠪᠦᠬᠦᠨ ᠢ ᠪᠤᠲᠠᠲᠠᠶᠢᠵᠢᠭᠤᠯᠬᠤ ᠪᠠᠷ ᠪᠣᠢ᠃ ︵ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ︶ | |