2 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠲᠤ ᠬᠦᠷᠴᠦ᠂ ᠨᠢᠭᠡᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠢᠶᠠᠨ ᠪᠠᠶᠢᠭ᠎ᠠ | ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ | | | 2 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠲᠤ ᠬᠦᠷᠴᠦ᠂ ᠨᠢᠭᠡᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠢᠶᠠᠨ ᠪᠠᠶᠢᠭ᠎ᠠ | ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠷ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠪᠠ᠃ ᠳᠠᠷᠠᠭ᠎ᠠ ᠳᠤ ᠨᠢ᠂ ᠨᠠᠮ ᠤᠨ ᠡᠭᠦᠷ ᠤᠨ ᠨᠠᠮ ᠤᠨ ᠭᠡᠰᠢᠭᠦᠳ ᠪᠣᠳᠠᠲᠠᠢ ᠲᠠᠢ ᠪᠠᠨ ᠤᠶᠠᠯᠳᠤᠭᠤᠯᠤᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ | ᠲᠥᠪ ᠴᠢᠩᠭ᠎ᠠ ᠨᠠᠷᠢᠨ ᠬᠢᠨᠠᠮᠠᠭᠠᠢ ᠬᠢᠪᠡ᠃ | ᠸᠠᠩ ᠯᠢ ᠰᠢᠶᠠ ᠬᠡᠯᠡᠬᠦ ᠳᠤ ᠪᠠᠨ᠂ ᠨᠠᠮ ᠤᠨ ᠡᠭᠦᠷ ᠤᠨ ᠭᠡᠰᠢᠭᠦᠳ ᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠨᠢ ᠮᠠᠰᠢ ᠶᠡᠭᠡ ᠬᠠᠨᠳᠤᠯᠭᠠᠲᠤ | ᠴᠢᠨᠠᠷ ᠲᠠᠢ ᠪᠠᠶᠢᠵᠤ᠂ ᠬᠥᠮᠥᠨ ᠪᠣᠯᠭᠠᠨ ᠰᠢᠨ᠎ᠡ ᠣᠯᠣᠯᠲᠠ ᠪᠠ ᠰᠢᠨ᠎ᠡ ᠳᠡᠭᠡᠭᠰᠢᠯᠡᠯᠲᠡ ᠲᠠᠢ ᠪᠣᠯᠵᠤ ᠴᠢᠳᠠᠵᠠᠢ᠃ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠨᠥᠬᠦᠳ ᠦᠷᠭᠦᠯᠵᠢ ᠠᠵᠢᠯᠯᠠᠬᠤ ᠴᠠᠭ ᠠᠴᠠ ᠪᠠᠨ ᠭᠠᠳᠠᠭᠤᠷ ᠴᠠᠭ ᠭᠠᠷᠭᠠᠵᠤ ᠠᠵᠢᠯᠯᠠᠨ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠲᠥᠯᠥᠭᠡ ᠬᠦᠴᠦᠨ ᠴᠢᠳᠠᠯ ᠢᠶᠠᠨ ᠡᠷᠭᠦᠵᠦ ᠪᠠᠶᠢᠨ᠎ᠠ ᠭᠡᠵᠡᠢ᠃ ᠲᠡᠷᠡ ᠪᠠᠷ᠂ ᠤᠯᠠᠨ ᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ | ᠬᠥᠭᠵᠢᠯᠲᠡ ᠶᠢ ᠠᠬᠢᠭᠤᠯᠬᠤ ᠶᠢᠨ ᠬᠦᠴᠦᠲᠦ ᠤᠬᠠᠭᠠᠯᠠᠭᠴᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠬᠦᠴᠦᠲᠦ ᠠᠬᠢᠭᠤᠯᠤᠭᠴᠢ᠂ ᠬᠦᠴᠢᠷ ᠢ | ᠰᠢᠢᠳᠪᠦᠷᠢᠯᠡᠬᠦ ᠶᠢᠨ ᠬᠦᠴᠦᠲᠦ ᠬᠠᠪᠰᠤᠷᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠰᠣᠷᠣᠯᠴᠠᠬᠤ ᠲᠠᠯ᠎ᠠ ᠪᠠᠷ ᠬᠦᠴᠦ ᠪᠠᠨ ᠲᠠᠯᠪᠢᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠶᠢ ᠠᠬᠢᠨ ᠲᠠᠬᠢᠨ ᠰᠤᠳᠤᠯᠵᠤ ᠤᠩᠰᠢᠨ᠂ ᠭᠦᠨᠵᠡᠭᠡᠢ ᠣᠶᠢᠯᠠᠭᠠᠬᠤ ᠪᠠ ᠰᠡᠳᠬᠢᠯ ᠳᠤ ᠪᠠᠨ ᠬᠠᠳᠠᠩᠰᠢᠭᠤᠯᠬᠤ ᠶᠢ ᠪᠡᠶᠡᠯᠡᠭᠦᠯᠵᠦ᠂ | ᠪᠠᠰᠠ ᠴᠠᠭ ᠦᠶ᠎ᠡ ᠠᠴᠠ ᠰᠢᠨ᠎ᠡ ᠮᠡᠳᠡᠯᠭᠡ ᠰᠤᠷᠴᠤ᠂ ᠦᠢᠯᠡᠳᠦᠯᠭᠡ ᠠᠴᠠ ᠰᠢᠨ᠎ᠡ ᠤᠷ᠎ᠠ ᠴᠢᠳᠠᠪᠤᠷᠢ ᠰᠤᠷᠴᠤ᠂ ᠤᠯᠠᠨ ᠲᠦᠮᠡᠨ ᠠᠴᠠ ᠪᠣᠳᠠᠲᠠᠢ ᠠᠷᠭ᠎ᠠ ᠰᠤᠷᠴᠤ᠂ | ᠡᠯ᠎ᠡ ᠭᠠᠵᠠᠷ ᠤᠨ ᠬᠢᠨ ᠤ ᠰᠠᠶᠢᠨ ᠲᠤᠷᠰᠢᠯᠭ᠎ᠠ ᠶᠢ ᠰᠤᠷᠬᠤ ᠬᠡᠷᠡᠭᠲᠡᠢ᠃ ᠰᠢᠨ᠎ᠡ ᠶᠢ ᠡᠭᠦᠳᠬᠦ ᠰᠡᠳᠬᠢᠬᠦᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠪᠠᠨ ᠲᠠᠯᠪᠢᠵᠤ᠂ | ᠰᠢᠨ᠎ᠡ ᠰᠡᠳᠬᠢᠮᠵᠢ ᠶᠢ ᠤᠬᠠᠭᠠᠯᠠᠨ ᠲᠥᠯᠥᠪᠯᠡᠬᠦ ᠪᠠ ᠰᠢᠨ᠎ᠡ ᠲᠤᠷᠰᠢᠯᠭ᠎ᠠ ᠶᠢ ᠬᠠᠶᠢᠨ ᠰᠦᠪᠡᠭᠴᠢᠯᠡᠬᠦ ᠪᠠᠷ ᠴᠢᠷᠮᠠᠶᠢᠨ᠂ ᠰᠤᠳᠤᠯᠭᠠᠨ ᠤ ᠠᠵᠢᠯ ᠳᠤ ︽ᠰᠢᠮᠳᠠᠵᠤ | ᠣᠷᠣᠬᠤ︾ ᠮᠥᠷᠲᠡᠭᠡᠨ ︽ᠦᠰᠦᠷᠴᠦ ᠭᠠᠷᠬᠤ︾ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠤᠶᠢᠵᠢᠭᠤᠯᠬᠤ ᠳᠡᠭᠡᠷ᠎ᠡ ᠬᠦᠴᠦ ᠪᠠᠨ ᠲᠠᠯᠪᠢᠵᠤ᠂ | ᠪᠦᠬᠦ ᠲᠠᠯ᠎ᠠ ᠠᠴᠠ ᠠᠰᠠᠭᠤᠳᠠᠯ ᠢ ᠪᠣᠳᠣᠯᠬᠢᠯᠠᠨ᠂ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠬᠢᠴᠢᠶᠡᠩᠭᠦ᠋ᠢᠯᠡᠨ ᠴᠢᠷᠮᠠᠶᠢᠬᠤ ᠪᠠ ᠬᠠᠯᠠᠨ ᠰᠠᠶᠢᠵᠢᠷᠠᠭᠤᠯᠬᠤ ᠳᠡᠭᠡᠷ᠎ᠡ | ᠬᠦᠴᠦ ᠲᠠᠯᠪᠢᠵᠤ᠂ ︽ᠪᠡᠶ᠎ᠡ ᠪᠠᠨ ᠭᠤᠷᠪᠠᠨᠲᠠ ᠬᠢᠨᠠᠬᠤ︾ ᠤᠬᠠᠮᠰᠠᠷ ᠢᠶᠠᠷ ᠥᠪᠡᠷ ᠢ ᠪᠠᠨ ᠳᠡᠭᠡᠭᠰᠢᠯᠡᠭᠦᠯᠦᠨ᠂ ᠡᠳᠦᠷ ᠪᠦᠷᠢ ᠬᠢᠨᠡᠨ ᠲᠤᠩᠭᠠᠬᠤ᠂ ᠶᠠᠪᠤᠳᠠᠯ | ᠪᠦᠷᠢ ᠳᠤ ᠬᠢᠨᠡᠨ ᠲᠤᠩᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠡᠩᠨᠡᠭᠡ ᠪᠠᠨ ᠰᠠᠶᠢᠲᠤᠷ ᠳᠠᠭᠠᠭᠤᠯᠬᠤ ᠳᠡᠭᠡᠷ᠎ᠡ ᠬᠦᠴᠦ ᠲᠠᠯᠪᠢᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠠᠶᠢᠴᠢᠨ ᠪᠠᠬᠢᠯᠡᠯᠲᠡ ᠪᠠᠨ ᠬᠦᠴᠦᠷᠬᠡᠭᠵᠢᠭᠦᠯᠦᠨ᠂ ᠠᠵᠢᠯ ᠬᠢᠵᠦ ᠦᠢᠯᠡᠰ ᠴᠣᠭᠴᠠᠯᠠᠬᠤ ᠳᠤᠮᠳᠠ ᠬᠦᠰᠡᠯ | ᠪᠠ ᠮᠥᠷᠥᠭᠡᠳᠦᠯ ᠢᠶᠠᠨ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠡᠩ ᠥᠨᠳᠥᠷ | ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠡᠯ᠎ᠡ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢᠶᠠᠨ ᠰᠠᠶᠢᠲᠤᠷ ᠠᠳᠬᠤᠬᠤ ᠶᠢ ᠨᠢ ᠱᠠᠯᠠᠪᠳᠠᠭᠤᠯᠵᠤ᠂ | ᠨᠠᠮ ᠤᠨ ᠪᠠᠶᠢᠭᠤᠯᠤᠯᠲᠠ ᠪᠠᠷ ᠨᠠᠮ ᠤᠨ ᠲᠥᠪ ᠬᠤᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠠᠴᠠ ᠲᠤᠰᠢᠶᠠᠭᠰᠠᠨ ᠡᠯ᠎ᠡ ᠵᠦᠢᠯ ᠤᠨ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠨᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠠᠬᠢᠪᠠ᠃ |