1 ᠰᠠᠷ᠎ᠠ ᠶᠢᠨ 25 ᠤ ᠡᠳᠦᠷ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ | ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠪᠦᠭᠦ ᠬᠦᠴᠦᠨ ᠢᠶᠠᠷ ᠢᠶᠠᠨ | ᠬᠥᠭᠵᠢᠯᠲᠡ ᠶᠢ ᠡᠷᠢᠯᠬᠢᠯᠡᠨ ᠬᠥᠭᠵᠢᠯᠲᠡ ᠶᠢ ᠠᠳᠬᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠢᠯ ᠤᠨ ᠡᠬᠢᠨ ᠠᠴᠠ ᠵᠢᠯ ᠤᠨ ᠰᠡᠭᠦᠯᠴᠢ ᠪᠤᠯᠲᠠᠯ᠎ᠠ ᠠᠵᠢᠯᠯᠠᠵᠤ᠂ | ᠢᠯᠠᠯᠲᠠ ᠶᠢᠨ ᠡᠷᠴᠢᠨ ᠳᠡᠭᠡᠷ᠎ᠡ ᠪᠠᠨ ᠡᠯ᠎ᠡ ᠵᠦᠢᠯ ᠤᠨ ᠠᠵᠢᠯ ᠦᠢᠯᠡᠰ ᠤᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | | 1 ᠰᠠᠷ᠎ᠠ ᠶᠢᠨ 25 ᠤ ᠡᠳᠦᠷ᠂ 1 ᠰᠠᠷ᠎ᠠ ᠶᠢᠨ 25 ᠤ ᠡᠳᠦᠷ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃ | ᠰᠦᠨ ᠱᠤᠤ ᠴᠧᠩ᠂ 2024 ᠣᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠᠶᠠᠷᠯᠠᠭᠤᠰᠢᠲᠠᠢ ᠠᠮᠵᠢᠯᠲᠠ ᠣᠯᠪᠠ᠃ | ᠨᠢᠭᠡᠳᠦᠭᠡᠷ ᠤᠯᠠᠷᠢᠯ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠦᠭᠦ ᠤᠯᠤᠰ ᠲᠤ ᠲᠦᠷᠦᠭᠦᠯᠡᠨ ᠳ᠋ᠦᠩᠰᠢᠭᠤᠷ ᠺᠢᠯᠣᠸᠠᠲ ᠢ ᠳᠠᠪᠠᠵᠤ᠂ ᠬᠤᠶᠠᠳᠤᠭᠠᠷ | ᠤᠯᠠᠷᠢᠯ ᠳᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠲᠡᠷᠢᠭᠦᠨ ᠳᠤ ᠣᠷᠣᠵᠤ᠂ ᠭᠤᠷᠪᠠᠳᠤᠭᠠᠷ ᠤᠯᠠᠷᠢᠯ ᠳᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠠᠵᠢᠯ ᠤᠯᠠᠨ ᠲᠠᠯ᠎ᠠ ᠪᠠᠷ ᠦᠷ᠎ᠡ ᠪᠦᠲᠦᠮᠵᠢ ᠣᠯᠣᠭᠰᠠᠨ ᠠᠴᠠ ᠪᠦᠭᠦ ᠵᠢᠯ ᠤᠨ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠦᠷᠳᠡᠭ ᠮᠢᠩᠭᠠᠨ ᠳ᠋ᠦᠩᠰᠢᠭᠤᠷ | ᠲᠥᠭᠦᠷᠢᠭ ᠢ ᠳᠠᠪᠠᠵᠤ᠂ ᠠᠮᠤ ᠪᠤᠳᠠᠭᠠᠨ ᠤ ᠤᠨᠠᠯᠲᠠ 820 ᠳ᠋ᠦᠩᠰᠢᠭᠤᠷ ᠵᠢᠩ ᠢ ᠳᠠᠪᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠡᠮᠦᠨ᠎ᠡ | 20 ᠨᠡᠷᠡᠰ ᠲᠤ ᠣᠷᠣᠵᠤ᠂ ᠰᠠᠷ᠎ᠠ ᠪᠦᠷᠢ ᠰᠢᠨ᠎ᠡ ᠠᠬᠢᠴᠠ ᠲᠠᠢ ᠪᠣᠯᠵᠤ᠂ ᠤᠯᠠᠷᠢᠯ ᠪᠦᠷᠢ ᠰᠢᠨ᠎ᠡ ᠦᠷ᠎ᠡ ᠪᠦᠲᠦᠮᠵᠢ ᠣᠯᠪᠠ᠃ ᠭᠡᠪᠡᠴᠦ ᠮᠠᠨ ᠤ ᠣᠷᠣᠨ ᠤ ᠠᠵᠤ | ᠠᠬᠤᠢ ᠶᠢᠨ ᠬᠥᠭᠵᠢᠯᠲᠡ ᠶᠢᠨ ᠰᠠᠭᠤᠷᠢ ᠪᠠᠰᠠ ᠪᠠᠲᠤ ᠪᠠᠬᠢ ᠪᠢᠰᠢ᠂ ᠡᠯ᠎ᠡ ᠵᠦᠢᠯ ᠤᠨ ᠡᠭᠦᠷᠭᠡ ᠮᠥᠨ ᠬᠦ ᠮᠠᠰᠢ ᠨᠦᠰᠡᠷ ᠬᠦᠨᠳᠦ ᠪᠠᠶᠢᠭᠰᠠᠭᠠᠷ ᠭᠡᠳᠡᠭ ᠢ | ᠰᠡᠷᠭᠡᠭ ᠢᠶᠠᠷ ᠲᠠᠨᠢᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠤᠳᠠᠭᠠᠰᠢᠷᠠᠵᠤ ᠪᠤᠯᠬᠤ ᠦᠭᠡᠢ︾ ᠲᠤᠯᠭᠠᠮ ᠪᠤᠳᠤᠯ ᠪᠣᠯᠣᠨ ︽ | ᠰᠠᠭᠤᠵᠤ ᠲᠣᠭᠲᠠᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠷᠭ᠎ᠠ ᠬᠡᠮᠵᠢᠶ᠎ᠡ ᠪᠠᠨ | ᠲᠡᠭᠦᠯᠳᠡᠷᠵᠢᠭᠦᠯᠵᠦ᠂ ᠠᠵᠢᠯᠯᠠᠬᠤ ᠡᠷᠴᠢ ᠵᠣᠷᠢᠭ ᠢᠶᠠᠨ ᠬᠥᠪᠴᠢᠯᠡᠨ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠦ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠤᠨ᠂ ᠡᠯ᠎ᠡ ᠵᠦᠢᠯ ᠤᠨ ᠠᠵᠢᠯ ᠢᠶᠠᠨ ᠨᠡᠩ ᠰᠠᠶᠢᠲᠤᠷ ᠬᠢᠬᠦ ᠬᠡᠷᠡᠭᠲᠡᠢ᠃ ᠴᠠᠭᠠᠨ ᠰᠠᠷ᠎ᠠ ᠠᠴᠠ ᠡᠮᠦᠨ᠎ᠡ ᠡᠬᠢᠯᠡᠭᠦᠯᠵᠦ ᠳᠡᠶᠢᠯᠭᠦ ᠶᠢ ᠨᠢ | ᠡᠬᠢᠯᠡᠭᠦᠯᠵᠦ᠂ ᠪᠠᠶᠢᠷᠢᠯᠠᠭᠤᠯᠵᠤ ᠪᠤᠯᠬᠤ ᠶᠢ ᠪᠠᠶᠢᠷᠢᠯᠠᠭᠤᠯᠬᠤ ᠬᠡᠷᠡᠭᠲᠡᠢ᠃ ᠪᠠᠶᠠᠷ ᠤᠨ ᠬᠤᠭᠤᠴᠠᠭᠠᠨ ᠳᠤ ︽ᠣᠷᠣ ᠣᠷᠣᠨ ᠳᠠᠭᠠᠨ ᠣᠷᠣᠵᠤ | — ᠪᠡᠯᠡᠳᠬᠡᠯ ᠬᠢᠭᠰᠡᠨ︾ ᠪᠠᠶᠢᠳᠠᠯ ᠢᠶᠠᠨ ᠪᠠᠲᠤᠯᠠᠵᠤ᠂ ᠠᠵᠢᠯᠯᠠᠬᠤ ᠡᠳᠦᠷ ᠳᠣᠭᠢᠶᠠᠨ ᠤ ᠫᠤᠤ ᠳᠤᠤᠭᠠᠷᠤᠮᠠᠭᠴᠠ ᠳᠠᠷᠤᠢ ᠡᠬᠢᠯᠡᠨ ᠭᠦᠶᠦᠵᠦ᠂ ᠳᠠᠭᠠᠭᠤᠯᠤᠨ | ᠭᠦᠶᠦᠵᠦ᠂ ᠰᠢᠪᠲᠤᠯᠤᠯᠲᠠ ᠬᠢᠵᠦ᠂ ᠮᠢᠨᠦ᠋ᠲ ᠰᠤᠺᠦ᠋ᠨ᠋ᠳ᠋ ᠢ ᠠᠯᠳᠠᠯ ᠦᠭᠡᠢ ᠲᠡᠮᠡᠴᠡᠬᠦ ᠬᠡᠷᠡᠭᠲᠡᠢ ᠭᠡᠵᠡᠢ᠃ | ᠰᠦᠨ ᠱᠤᠤ ᠴᠧᠩ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ ᠡᠭᠢᠯᠡᠯᠲᠡ︾ ᠶᠢ ᠪᠡᠶᠡᠯᠡᠭᠦᠯᠬᠦ ᠳᠤ ᠡᠷᠬᠡᠪᠰᠢ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠪᠦᠭᠦ ᠵᠢᠯ ᠤᠨ ᠪᠡᠯᠡ ᠣᠷᠣᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠰᠠᠭᠤᠷᠢ | ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ︽ᠪᠦᠲᠦᠭᠡᠨ ᠪᠠᠶᠢᠭᠤᠯᠤᠯᠲᠠ︾ ᠶᠢ ᠲᠦᠷᠭᠡᠳᠬᠡᠨ᠂ ᠬᠢᠨᠠᠨ ᠵᠥᠪᠰᠢᠶᠡᠷᠡᠬᠦ ᠭᠤᠭᠴᠤᠭ᠎ᠠ ᠪᠠ ᠶᠠᠪᠤᠴᠠ ᠶᠢ ᠤᠯᠠᠮ | ᠴᠣᠮᠬᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠤᠷᠢᠳᠴᠢᠯᠠᠨ ᠰᠠᠶᠢᠲᠤᠷ ᠬᠢᠵᠦ᠂ ᠴᠠᠭ ᠢ ᠠᠮᠵᠢᠨ | ᠠᠬᠢᠴᠠ ᠶᠢ ᠲᠦᠷᠭᠡᠳᠬᠡᠵᠦ᠂ ᠴᠠᠭᠠᠰᠤᠨ ᠳᠡᠭᠡᠷᠡᠬᠢ ᠵᠢᠷᠤᠭ ᠲᠥᠰᠥᠪ ᠢ ᠡᠷᠲᠡᠬᠡᠨ ᠪᠣᠳᠠᠲᠠᠢ ᠦᠵᠡᠮᠵᠢ ᠪᠤᠯᠭᠠᠬᠤ ᠬᠡᠷᠡᠭᠲᠡᠢ᠃ ᠪᠦᠭᠦ ᠬᠦᠴᠦᠨ ᠢᠶᠠᠷ ᠢᠶᠠᠨ ︽ | ᠣᠷᠣᠭᠤᠯᠤᠨ ᠠᠪᠴᠢᠷᠠᠵᠤ︾᠂ ᠶᠡᠭᠡ ᠶᠢ ᠣᠷᠣᠭᠤᠯᠤᠨ ᠬᠦᠴᠦᠷᠬᠡᠭ ᠢ ᠳᠠᠳᠠᠨ ᠠᠪᠴᠢᠷᠠᠵᠤ᠂ ᠰᠢᠯᠢᠳᠡᠭ ᠢ ᠲᠥᠪᠯᠡᠷᠡᠭᠦᠯᠦᠨ ᠰᠢᠨ᠎ᠡ ᠶᠢ ᠴᠤᠭᠯᠠᠷᠠᠭᠤᠯᠵᠤ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠵᠦ᠂ ᠴᠣᠩᠬᠤᠪᠴᠢ ᠨᠢᠭᠡᠴᠢ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ᠂ ᠪᠦᠭᠦ ᠵᠢᠯ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ ᠤᠯᠠᠨ ᠲᠠᠯ᠎ᠠ ᠠᠴᠠ ︽ᠪᠡᠯᠡ ᠣᠷᠣᠭᠤᠯᠵᠤ︾᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠬᠥᠰᠢᠭᠦᠷᠭᠡ︾ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠪᠡᠯᠡ ᠮᠥᠩᠭᠦ ᠶᠢ ᠳᠠᠶᠢᠴᠢᠯᠠᠨ ᠣᠷᠣᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠪᠡᠯᠡ | ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ ᠶᠢ ᠬᠦᠴᠦᠯᠡᠨ ᠥᠷᠭᠡᠳᠬᠡᠬᠦ ᠬᠡᠷᠡᠭᠲᠡᠢ ᠭᠡᠪᠡ᠃ | ᠰᠦᠨ ᠱᠤᠤ ᠴᠧᠩ᠂ ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠪᠣᠯ ᠬᠡᠷᠡᠭᠯᠡᠭᠡ ᠬᠥᠭᠵᠢᠶᠡᠨᠲᠡᠢ ᠴᠠᠭ ᠪᠣᠯᠣᠨ᠎ᠠ᠂ ᠪᠠᠶᠠᠷ ᠤᠨ ᠬᠤᠭᠤᠴᠠᠭ᠎ᠠ ᠪᠣᠯᠣᠨ | ᠨᠢᠭᠡᠳᠦᠭᠡᠷ ᠤᠯᠠᠷᠢᠯ ᠤᠨ ᠬᠡᠷᠡᠭᠯᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠪᠦᠭᠦ ᠵᠢᠯ ᠤᠨ ᠬᠡᠷᠡᠭᠯᠡᠭᠡ ᠶᠢᠨ ᠰᠢᠨ᠎ᠡ ᠨᠡᠮᠡᠭᠳᠡᠯ ᠢ ᠳᠠᠶᠢᠴᠢᠯᠠᠬᠤ | ᠬᠡᠷᠡᠭᠲᠡᠢ᠃ ᠲᠠᠸᠠᠷ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠮᠥᠰᠥ ᠴᠠᠰᠤᠨ ᠤ ᠠᠵᠤ ᠠᠬᠤᠢ᠂ ᠲᠣᠬᠯᠠᠯᠲᠠ ᠶᠢᠨ ᠠᠵᠤ | ᠠᠬᠤᠢ᠂ ᠤᠷᠤᠯᠳᠤᠭᠠᠨ ᠤ ᠠᠵᠤ ᠠᠬᠤᠢ ᠵᠡᠷᠭᠡ ᠬᠡᠷᠡᠭᠯᠡᠭᠡ ᠶᠢᠨ ᠬᠠᠯᠠᠮᠰᠢᠯ ᠢ ᠢᠳᠡᠪᠬᠢᠲᠡᠢ ᠪᠤᠶ ᠪᠤᠯᠭᠠᠵᠤ᠂ ᠵᠦᠢ ᠵᠣᠬᠢᠰᠲᠠᠢ ᠪᠣᠷᠤᠯᠠᠭᠤᠯᠭ᠎ᠠ ᠶᠢᠨ ᠠᠷᠭ᠎ᠠ ᠵᠠᠮ ᠢᠶᠠᠷ | ᠬᠤᠳᠠᠯᠳᠤᠭ᠎ᠠ ᠪᠣᠷᠤᠯᠠᠭᠤᠯᠭ᠎ᠠ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠨᠡᠮᠡᠭᠦᠷᠢ ᠮᠥᠩᠭᠦ ᠨᠥᠬᠦᠪᠦᠷᠢ ᠮᠥᠩᠭᠦ᠂ ᠲᠠᠷᠢᠶᠠᠴᠢᠳ ᠲᠤ ᠠᠰᠢᠭ ᠬᠦᠷᠲᠡᠭᠡᠬᠦ | ᠪᠡᠯᠡ ᠮᠥᠩᠭᠦ ᠪᠣᠯᠣᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠨᠥᠬᠦᠪᠦᠷᠢ ᠵᠡᠷᠭᠡ ᠶᠢ | ᠳᠠᠷᠦ᠋ᠢᠬᠠᠨ ᠪᠠᠭᠤᠯᠭᠠᠵᠤ᠂ ᠠᠷᠭ᠎ᠠ ᠪᠤᠳᠣᠵᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ᠬᠥᠯᠥᠰᠦᠨ ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠬᠤ ᠬᠡᠷᠡᠭᠲᠡᠢ ᠭᠡᠪᠡ᠃ | ᠰᠦᠨ ᠱᠤᠤ ᠴᠧᠩ᠂ ᠵᠢᠱᠢᠯᠲᠡ ᠰᠠᠶᠢᠨ ᠪᠣᠯ ᠰᠠᠶ᠋ᠢ ᠢᠲᠡᠭᠡᠯ ᠲᠡᠭᠦᠯᠳᠡᠷ ᠪᠣᠯᠣᠨ᠎ᠠ᠂ ᠲᠦᠷᠦ ᠶᠢᠨ ᠪᠣᠳᠣᠯᠭ᠎ᠠ ᠶᠢ ᠤᠬᠠᠭᠤᠯᠬᠤ ᠪᠠᠷ ᠳᠠᠮᠵᠢᠨ ᠵᠢᠱᠢᠯᠲᠡ ᠶᠢ | ᠬᠥᠲᠥᠯᠥᠨ ᠵᠢᠯᠤᠭᠤᠳᠴᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠢ ᠱᠠᠯᠠᠪᠳᠠᠭᠤᠯᠤᠨ ᠱᠠᠭᠠᠷᠳᠠᠵᠤ | ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠭᠤᠯᠵᠤ᠂ ᠲᠥᠪ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ ᠰᠤᠷᠤᠯᠴᠠᠵᠤ᠂ | ᠬᠥᠭᠵᠢᠯᠲᠡ ᠶᠢᠨ ᠠᠵᠠ ᠲᠣᠭᠢᠶᠠᠯ ᠢ ᠨᠠᠩ ᠰᠠᠶᠢᠲᠤᠷ ᠡᠵᠡᠮᠳᠡᠵᠦ᠂ ᠠᠵᠢᠯ ᠤᠨ ᠰᠢᠪᠲᠤᠯᠤᠯᠲᠠ ᠶᠢᠨ ᠴᠡᠭ ᠢ ᠡᠷᠢᠯᠬᠢᠯᠡᠬᠦ ᠬᠡᠷᠡᠭᠲᠡᠢ᠃ ᠤᠯᠠᠨ ᠲᠦᠮᠡᠨ ᠪᠠ ᠠᠵᠤ | ᠠᠬᠤᠶᠢᠯᠠᠯ ᠳᠤ ᠲᠦᠷᠦ ᠶᠢᠨ ᠪᠣᠳᠣᠯᠭ᠎ᠠ ᠶᠢ ᠲᠣᠳᠣᠷᠬᠠᠢ ᠶᠠᠷᠢᠵᠤ᠂ ᠠᠷᠠᠳ ᠢ ᠦᠢᠮᠡᠭᠦᠯᠬᠦ ᠦᠭᠡᠢ᠂ ᠠᠵᠤ ᠠᠬᠤᠶᠢᠯᠠᠯ ᠢ ᠦᠢᠮᠡᠭᠦᠯᠬᠦ ᠦᠭᠡᠢ ᠤᠷᠢᠲᠠᠯ ᠳᠣᠣᠷ᠎ᠠ᠂ | ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠪᠠᠶᠢᠳᠠᠯ ᠤᠨ ᠲᠤᠬᠠᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ | ᠲᠦᠮᠡᠨ ᠪᠠ ᠠᠵᠤ ᠠᠬᠤᠶᠢᠯᠠᠯ ᠤᠨ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ᠂ ᠡᠯ᠎ᠡ ᠨᠢᠭᠡᠴᠢ᠂ ᠡᠯ᠎ᠡ ᠰᠢᠰᠲ᠋ᠧᠮ ᠤᠨ ᠬᠢᠨ ᠴᠥᠮ ᠬᠥᠳᠡᠯᠦᠯᠴᠡᠵᠦ᠂ ︽ᠵᠢᠷᠭᠤᠭᠠᠨ ᠠᠵᠢᠯᠯᠠᠭ᠎ᠠ︾ ᠶᠢ ᠠᠯᠬᠤᠮ ᠨᠢᠭᠡᠲᠡᠢ ᠥᠷᠨᠢᠭᠦᠯᠵᠦ᠂ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠲᠦᠷᠦᠭᠦᠯᠡᠨ ᠬᠢᠵᠦ᠂ ᠠᠵᠢᠯ ᠢᠶᠠᠨ ᠤᠷᠤᠭᠰᠢ ᠠᠬᠢᠭᠤᠯᠵᠤ ᠪᠠᠶᠢᠬᠤ ᠶᠢ ᠨᠡᠶᠢᠭᠡᠮ ᠳᠠᠶᠠᠭᠠᠷ ᠲᠤ ᠦᠵᠡᠭᠦᠯᠭᠦ ᠬᠡᠷᠡᠭᠲᠡᠢ᠃ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠲᠠᠩᠰᠠᠨ ᠵᠣᠭᠤᠰ ᠢ ᠲᠦᠷᠭᠡᠨ ᠲᠥᠯᠥᠵᠦ᠂ ᠠᠵᠤ ᠠᠬᠤᠶᠢᠯᠠᠯ ᠤᠨ ᠰᠡᠳᠬᠢᠯ ᠢ ᠠᠮᠤᠷᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ 2024 ᠣᠨ ᠤ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠵᠠᠷᠯᠠᠵᠤ᠂ 2025 ᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠡᠭᠦᠷᠭᠡ ᠶᠢ ᠲᠣᠬᠢᠷᠠᠭᠤᠯᠪᠠ᠃ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ ᠪᠣᠯᠣᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ ᠦᠭᠡ ᠬᠡᠯᠡᠪᠡ᠃ | ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ ᠪᠣᠯᠣᠨ ᠭᠦᠭᠡᠬᠤᠲᠠ ᠳᠤ ᠰᠠᠭᠤᠭ᠎ᠠ ᠬᠡᠰᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ ᠭᠤᠣᠯ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ | ᠲᠣᠬᠢᠷᠠᠭᠤᠯᠪᠠ᠃ |