ᠴᠠᠭᠠᠨ ᠰᠠᠷ᠎ᠠ ᠣᠶᠢᠷᠠᠳᠴᠤ᠂ 1 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠵᠠᠬ᠎ᠠ ᠳᠡᠯᠭᠡᠭᠦᠷ ᠤᠨ ᠬᠠᠩᠭᠠᠯᠭ᠎ᠠ᠂ ᠵᠠᠮ ᠬᠠᠷᠢᠯᠴᠠᠭᠠᠨ ᠤ | ᠠᠮᠤᠷ ᠲᠦᠪᠰᠢᠨ ᠤ ᠪᠠᠲᠤᠯᠠᠭ᠎ᠠ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠡᠮᠦᠨ᠎ᠡ ᠹᠷᠣᠨᠲ ᠤᠨ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠢ ᠡᠷᠭᠢᠨ ᠦᠵᠡᠵᠦ | ᠲᠣᠬᠤᠨᠢᠭᠤᠯᠪᠠ᠃ | | | 1 ᠰᠠᠷ᠎ᠠ ᠶᠢᠨ 26 ᠤ ᠡᠳᠦᠷ᠂ ᠸᠠᠩ ᠯᠢ ᠰᠢᠶᠠ ᠬᠥᠬᠡᠬᠤᠲᠠ ᠶᠢᠨ ᠵᠢᠢ ᠬᠤᠢ ᠮᠧᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠢᠳᠡᠭᠡᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠲᠦᠮᠡᠨ ᠤ | ᠰᠠᠨᠠᠭ᠎ᠠ ᠠᠮᠤᠷ ᠢᠳᠡᠵᠦ ᠤᠤᠭᠤᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | ᠵᠢᠢ ᠬᠤᠢ ᠮᠸᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠥᠮᠥᠨ ᠬᠠᠷ᠎ᠠ ᠨᠠᠭᠠᠰᠢ ᠴᠠᠭᠠᠰᠢ ᠰᠦᠯᠵᠢᠯᠳᠦᠵᠦ᠂ ᠰᠢᠨ᠎ᠡ ᠶᠢᠨ ᠪᠠᠷᠠᠭ᠎ᠠ ᠪᠠᠨ | ᠪᠡᠯᠡᠳᠬᠡᠵᠦ᠂ ᠴᠠᠭᠠᠨ ᠰᠠᠷ᠎ᠠ ᠶᠢᠨ ᠪᠠᠶᠠᠷᠲᠤ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠸᠠᠩ ᠯᠢ ᠰᠢᠶᠠ ᠶᠠᠪᠤᠬᠤ ᠶᠢᠨ ᠳᠠᠭᠠᠤ ᠦᠵᠡᠵᠦ᠂ ᠰᠢᠨ᠎ᠡ ᠶᠢᠨ ᠪᠠᠷᠠᠭ᠎ᠠ | ᠬᠤᠳᠠᠯᠳᠤᠨ ᠠᠪᠴᠤ ᠪᠠᠶᠢᠭ᠎ᠠ ᠤᠯᠠᠨ ᠲᠦᠮᠡᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠠᠷᠢᠯᠴᠠᠨ ᠰᠠᠷ᠎ᠠ ᠰᠢᠨ᠎ᠡ ᠶᠢᠨ ᠵᠥᠩᠨᠡᠯ ᠳᠡᠪᠰᠢᠭᠦᠯᠵᠦ᠂ ᠢᠳᠡᠰᠢᠨ | ᠨᠣᠭᠤᠭ᠎ᠠ᠂ ᠭᠤᠸ᠎ᠠ ᠵᠢᠮᠢᠰ᠂ ᠮᠢᠬᠠᠨ ᠤ ᠲᠦᠷᠦᠯ ᠵᠡᠷᠭᠡ ᠳᠡᠯᠭᠡᠭᠡ ᠮᠠᠶᠢᠮᠠᠢ ᠶᠢᠨ ᠬᠠᠵᠠᠭᠤ ᠳᠤ ᠬᠦᠷᠴᠦ᠂ ᠬᠤᠳᠠᠯᠳᠤᠭᠠᠨ ᠤ ᠡᠷᠦᠭᠡ ᠶᠢᠨ ᠠᠷᠠᠯᠵᠢᠶ᠎ᠠ ᠶᠠᠮᠠᠷ ᠵᠡᠷᠭᠡ᠂ | ᠪᠠᠷᠠᠭ᠎ᠠ ᠶᠢ ᠬᠠᠮᠢᠭ᠎ᠠ ᠠᠴᠠ ᠣᠷᠣᠭᠤᠯᠤᠭᠰᠠᠨ᠂ ᠦᠨ᠎ᠡ ᠬᠠᠩᠰᠢ ᠥᠨᠳᠥᠷ ᠡᠰᠡᠬᠦ᠂ ᠬᠡᠳᠦᠢ ᠴᠠᠭ ᠪᠤᠯᠲᠠᠯ᠎ᠠ ᠡᠵᠡᠩᠨᠡᠵᠦ ᠪᠠᠶᠢᠬᠤ᠂ ᠣᠷᠣᠯᠭ᠎ᠠ ᠶᠠᠮᠠᠷ ᠵᠡᠷᠭᠡ | ᠪᠠᠶᠢᠬᠤ ᠶᠢ ᠯᠠᠪᠯᠠᠨ ᠠᠰᠠᠭᠤᠵᠤ᠂ ᠢᠳᠡᠭᠡᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠰᠠᠨᠠᠭ᠎ᠠ ᠠᠮᠤᠷ ᠢᠳᠡᠵᠦ ᠤᠤᠭᠤᠬᠤ ᠶᠢ | ᠪᠠᠲᠤᠯᠠᠬᠤ ᠬᠡᠷᠡᠭᠲᠡᠢ᠂ ᠶᠠᠭᠠᠬᠢᠭᠰᠠᠨ ᠴᠤ ᠬᠠᠭᠤᠷᠮᠠᠭ ᠮᠠᠭᠤ ᠲᠠᠸᠠᠷ ᠢᠶᠠᠷ ᠵᠠᠬ᠎ᠠ ᠳᠡᠯᠭᠡᠭᠦᠷ ᠢ ᠰᠠᠮᠠᠭᠤᠷᠠᠭᠤᠯᠵᠤ᠂ ︽ᠲᠦᠷᠦᠯ ᠲᠡᠮᠳᠡᠭ︾ ᠢᠶᠠᠨ ᠡᠪᠳᠡᠵᠦ ᠪᠤᠯᠬᠤ | ᠦᠭᠡᠢ ᠭᠡᠵᠦ ᠵᠠᠬᠢᠪᠠ᠃ ᠲᠡᠷᠡ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯᠲᠠᠨ ᠳᠤ᠂ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠭᠢᠯᠪᠠᠷ ᠪᠢᠰᠢ᠂ ᠣᠯᠠᠨ | ᠠᠷᠭ᠎ᠠ ᠵᠠᠮ ᠢᠶᠠᠷ ᠬᠠᠪᠰᠤᠷᠴᠤ ᠪᠠᠶᠢᠭᠠᠳ ᠡᠵᠡᠩᠨᠡᠯᠲᠡ ᠶᠢᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠲᠡᠳᠡᠨ ᠳᠤ ᠢᠯᠡᠭᠦᠬᠡᠨ ᠵᠣᠭᠤᠰ ᠣᠯᠣᠭᠤᠯᠬᠤ ᠬᠡᠷᠡᠭᠲᠡᠢ | ᠭᠡᠵᠦ ᠬᠡᠯᠡᠪᠡ᠃ | | | 1 ᠰᠠᠷ᠎ᠠ ᠶᠢᠨ 26 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠢᠯᠣᠭᠤᠳᠬᠤ ᠶᠡᠭᠡ | ᠲᠢᠩᠬᠢᠮ ᠳᠤ ᠬᠦᠷᠴᠦ᠂ ᠵᠢᠵᠢᠭᠦᠷᠯᠡᠨ ᠰᠠᠬᠢᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠳᠣᠲᠣᠭᠠᠳᠤ ᠶᠢ ᠬᠠᠮᠠᠭᠠᠯᠠᠬᠤ ᠪᠥᠬᠦ ᠺᠠᠳ᠋ᠷ ᠴᠠᠭᠳᠠᠭ᠎ᠠ ᠳᠤ | ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | ᠳᠠᠷᠠᠭ᠎ᠠ ᠨᠢ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠢᠯᠤᠭᠤᠳᠬᠤ ᠶᠡᠭᠡ ᠲᠢᠩᠬᠢᠮ ᠳᠤ ᠬᠦᠷᠴᠦ᠂ | ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠬᠠᠮᠠᠭᠠᠯᠠᠯᠲᠠ ᠪᠠ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠤᠨ ᠪᠠᠶᠢᠳᠠᠯ ᠢ ᠨᠠᠷᠢᠨ | ᠣᠶᠢᠯᠠᠭᠠᠵᠤ᠂ ᠸᠢᠳᠢᠤ᠋ ᠪᠠᠷ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠭᠡ ᠵᠣᠣ ᠰᠦᠮ᠎ᠡ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ | ᠥᠷᠲᠡᠭᠡ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ G6 ᠲᠦᠷᠭᠡᠨ ᠤ ᠵᠠᠮ ᠤᠨ ᠥᠪᠥᠷ | ᠮᠣᠩᠭᠤᠯ ᠾᠧᠪᠧᠢ ᠶᠢᠨ ᠵᠠᠭᠠᠭ ᠲᠠᠬᠢ ᠪᠠᠶᠢᠴᠠᠭᠠᠬᠤ ᠥᠷᠲᠡᠭᠡ᠂ G110 ᠤᠯᠤᠰ ᠤᠨ ᠵᠠᠮ ᠤᠨ ᠭᠦᠭᠡᠬᠤᠲᠠ ᠶᠢᠨ ᠲᠣᠪᠴᠢ ᠳᠠᠬᠢ ᠪᠠᠶᠢᠴᠠᠭᠠᠬᠤ ᠥᠷᠲᠡᠭᠡ᠂ | ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠩᠱᠠᠨ ᠬᠤᠪᠢᠶᠠᠷᠢ ᠲᠣᠪᠴᠢᠶ᠎ᠠ ᠶᠢᠨ ᠰᠢᠶᠠᠩ ᠶᠠᠩ ᠲᠣᠮᠢᠯᠠᠭᠰᠠᠨ ᠰᠠᠯᠪᠤᠷᠢ ᠲᠠᠢ | ᠬᠠᠷᠢᠯᠴᠠᠵᠤ᠂ ᠵᠢᠵᠢᠭᠦᠷᠯᠡᠵᠦ ᠪᠠᠶᠢᠭ᠎ᠠ ᠪᠠᠶᠢᠳᠠᠯ ᠢ ᠨᠢᠭᠡ ᠨᠢᠭᠡ ᠪᠠᠷ ᠲᠣᠬᠢᠷᠠᠭᠤᠯᠵᠤ᠂ ᠳᠣᠲᠣᠭᠠᠳᠤ ᠶᠢ ᠬᠠᠮᠠᠭᠠᠯᠠᠬᠤ ᠪᠦᠭᠦ ᠺᠠᠳ᠋ᠷ ᠴᠠᠭᠳᠠᠭ᠎ᠠ ᠳᠤ ᠪᠠᠶᠠᠷ ᠤᠨ | ᠡᠳᠦᠷ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠴᠠᠭᠠᠨ ᠰᠠᠷ᠎ᠠ ᠶᠢᠨ ᠬᠤᠭᠤᠴᠠᠭ᠎ᠠ ᠪᠣᠯ ᠥᠪᠥᠷ ᠮᠣᠩᠭᠤᠯ ᠤᠨ ᠨᠢᠭᠡ ᠵᠢᠯ ᠤᠨ ᠳᠣᠲᠣᠷᠠᠬᠢ ᠬᠠᠮᠤᠭ ᠤᠨ | ᠬᠦᠢᠲᠡᠨ ᠦᠶ᠎ᠡ ᠪᠣᠯᠣᠨ᠎ᠠ᠂ ᠲᠡᠷᠭᠡ ᠣᠯᠠᠨ᠂ ᠬᠥᠮᠥᠨ ᠣᠯᠠᠨ᠂ ᠪᠠᠷᠠᠭᠠᠨ ᠤ ᠭᠦᠢᠯᠭᠡᠭᠡ ᠴᠦ ᠣᠯᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ | ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠨ᠂ ᠡᠯ᠎ᠡ ᠰᠠᠯᠠᠭ᠎ᠠ | ᠮᠥᠴᠢᠷ ᠤᠨ ᠬᠢᠨ ᠲᠠᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ | ᠠᠮᠤᠷ ᠲᠦᠪᠰᠢᠨ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠬᠦᠢᠲᠡᠨ ᠤᠷᠤᠰᠬᠠᠯ ᠢᠷᠡᠵᠤ | ᠪᠠᠶᠢᠭ᠎ᠠ ᠪᠣᠯᠬᠤᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠦᠢᠲᠡᠨ ᠠᠭᠤᠷ ᠠᠮᠢᠰᠬᠤᠯ᠂ ᠪᠣᠷᠣᠭᠠᠨ ᠴᠠᠰᠤ ᠵᠡᠷᠭᠡ ᠮᠠᠭᠤ ᠴᠠᠭ ᠠᠭᠤᠷ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠᠨ ᠴᠢᠩᠭᠠᠳᠬᠠᠵᠤ᠂ ᠤᠷᠤᠰᠴᠠ ᠶᠢᠨ ᠬᠡᠮᠵᠢᠶ᠎ᠡ ᠶᠢ ᠰᠤᠳᠤᠯᠤᠨ ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠢ ᠠᠮᠤᠷ ᠲᠦᠪᠰᠢᠨ ᠭᠡᠷ ᠲᠤᠨᠢ ᠬᠠᠷᠢᠭᠤᠯᠵᠤ ᠰᠢᠨᠡᠯᠡᠭᠦᠯᠬᠦ ᠪᠠᠷ ᠴᠢᠷᠮᠠᠶᠢᠬᠤ | ᠬᠡᠷᠡᠭᠲᠡᠢ ᠭᠡᠵᠦ ᠬᠡᠯᠡᠪᠡ᠃ |