2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠠᠭᠠᠨ ᠭᠠᠷᠤᠭᠰᠠᠨ ᠠᠩᠬᠠᠨ ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠳᠤ ᠬᠦᠷᠴᠦ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠬᠤᠷᠠᠯᠳᠤᠭᠤᠯᠪᠠ᠃ | | | 2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠠᠭᠠᠨ ᠭᠠᠷᠤᠭᠰᠠᠨ ᠠᠩᠬᠠᠨ ᠤ ᠡᠳᠦᠷ᠂ ᠸᠠᠩ ᠯᠢ ᠰᠢᠶᠠ ᠪᠥᠬᠦ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ | ᠪᠠᠶᠢᠴᠠᠭᠠᠨ ᠰᠤᠳᠤᠯᠵᠤ᠂ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠲᠤ ᠣᠷᠣᠵᠤ ᠭᠦᠨᠵᠡᠭᠡᠢ ᠶᠠᠷᠢᠯᠴᠠᠨ ᠰᠣᠯᠢᠯᠴᠠᠪᠠ᠃ | ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | ᠸᠠᠩ ᠯᠢ ᠰᠢᠶᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ ᠪᠠᠶᠢᠭ᠎ᠠ ᠪᠠᠶᠢᠳᠠᠯ ᠢ ᠲᠦᠢᠯ ᠢᠶᠠᠷ ᠬᠠᠯᠠᠮᠵᠢᠯᠠᠵᠤ᠂ | ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠲᠤ ᠣᠷᠣᠵᠤ ᠠᠵᠢᠯᠯᠠᠵᠤ ᠪᠠᠶᠢᠭᠰᠠᠨ ᠨᠥᠬᠦᠳ ᠲᠠᠢ ᠭᠦᠨᠵᠡᠭᠡᠢ ᠶᠠᠷᠢᠯᠴᠠᠨ ᠰᠣᠯᠢᠯᠴᠠᠪᠠ᠃ ᠨᠠᠮ ᠤᠨ | ᠪᠠᠶᠢᠭᠤᠯᠤᠯᠲᠠ ᠶᠢᠨ ᠠᠵᠢᠯ ᠤᠨ ᠭᠠᠵᠠᠷ ᠲᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠮ ᠤᠨ | ᠪᠠᠶᠢᠭᠤᠯᠤᠯᠲᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ︔ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠠᠵᠠᠷ ᠲᠤ᠂ ᠨᠢᠳᠤᠨᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠳᠠᠭᠳᠠᠯ ᠢᠶᠠᠨ | ᠬᠤᠪᠢᠷᠠᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠴᠠᠯᠢᠩ ᠬᠥᠯᠥᠰᠦ ᠶᠢᠨ ᠥᠭᠡᠷᠡᠴᠢᠯᠡᠯᠲᠡ ᠪᠣᠯ ᠴᠢᠬᠤᠯᠠ ᠠᠷᠭ᠎ᠠ ᠪᠠᠷᠢᠯ ᠮᠥᠨ᠂ ᠰᠢᠨ᠎ᠡ ᠨᠢᠭᠡ | ᠵᠢᠯ ᠳᠤ ᠡᠨᠡ ᠲᠠᠯ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ︔ ᠲᠥᠯᠦᠪᠵᠢᠭᠦᠯᠭᠡ ᠬᠥᠭᠵᠢᠭᠦᠯᠦᠯᠲᠡ ᠶᠢᠨ ᠭᠠᠵᠠᠷ ᠲᠤ᠂ | ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠠᠶᠢᠷᠢᠰᠢᠭᠤᠯᠤᠯᠲᠠ ᠶᠣᠰᠣᠭᠠᠷ ᠤᠯᠤᠰ ᠤᠨ ᠥᠮᠴᠢᠯᠡᠯ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠦᠷᠭᠡᠳᠬᠡᠨ | ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠤᠷᠢᠳᠴᠢᠯᠠᠨ ᠱᠠᠯᠠᠪᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | 2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠠᠭᠠᠨ ᠭᠠᠷᠤᠭᠰᠠᠨ ᠠᠩᠬᠠᠨ ᠤ ᠡᠳᠦᠷ᠂ ᠸᠠᠩ ᠯᠢ ᠰᠢᠶᠠ ᠪᠥᠬᠦ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ | ᠪᠠᠶᠢᠴᠠᠭᠠᠨ ᠰᠣᠳᠣᠯᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | ᠳᠠᠷᠠᠭ᠎ᠠ ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ᠂ | ᠣᠨᠴᠠᠭᠠᠶᠢᠯᠠᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠭᠤᠷᠪᠠᠨ ᠶᠡᠭᠡ ᠨᠢᠭᠡᠴᠢ ᠶᠢᠨ ᠥᠭᠡᠷᠡᠴᠢᠯᠡᠯᠲᠡ ᠬᠢᠵᠦ ᠳᠠᠭᠢᠨ ᠵᠣᠬᠢᠶᠠᠨ ᠪᠠᠶᠢᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠪᠤᠰᠤᠳ ᠠᠴᠠ ᠬᠤᠴᠣᠷᠬᠤ ᠦᠭᠡᠢ᠂ | ᠰᠢᠨ᠎ᠡ ᠵᠢᠯ ᠡᠬᠢᠯᠡᠮᠡᠭᠴᠡ ᠳᠠᠷᠤᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠠᠵᠢᠯ ᠢᠶᠠᠨ ᠡᠬᠢᠯᠡᠭᠦᠯᠦᠮᠡᠭᠴᠡ ᠳᠠᠷᠤᠢ ᠡᠷᠴᠢ ᠵᠣᠷᠢᠭ ᠢᠶᠠᠨ ᠭᠦᠢᠴᠡᠳ ᠬᠥᠪᠴᠢᠯᠡᠵᠦ᠂ | ᠡᠷᠡᠰ ᠭᠤᠶᠢᠪᠢᠰᠢ ᠦᠭᠡᠢ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ᠃ | ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠭᠡᠨ ︽ᠪᠦᠰᠡᠯᠡᠯᠲᠡ ᠰᠢᠪᠲᠤᠯᠵᠤ︾᠂ ᠠᠯᠳᠠᠭᠳᠠᠯ ᠲᠠᠢ ᠪᠠᠶᠢᠭᠰᠠᠨ ᠠᠴᠠ ᠪᠠᠨ | ᠣᠯᠵᠠᠪᠤᠷᠢ ᠲᠠᠢ ᠪᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠠᠷᠠᠯᠲᠠ ᠪᠤᠯᠭᠠᠵᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠠᠬᠢ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠢᠨ ᠬᠠᠮᠢᠶᠠᠷᠤᠯᠲᠠ ᠪᠠ ᠦᠢᠯᠡᠴᠢᠯᠡᠭᠡ ᠪᠠᠨ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠦᠭᠦ ᠣᠷᠣᠨ ᠢᠶᠠᠷ ᠢᠶᠠᠨ ᠨᠢᠭᠡ ᠬᠥᠯᠭᠡ | ᠰᠢᠲᠠᠷ᠎ᠠ ᠪᠠᠶᠢᠵᠤ᠂ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠨᠠᠷᠢᠯᠢᠭ ᠬᠠᠮᠢᠶᠠᠷᠴᠤ᠂ ᠣᠨᠣᠪᠴᠢᠲᠠᠶ ᠬᠢᠨᠠᠨ ᠬᠠᠮᠢᠶᠠᠷᠴᠤ᠂ ᠨᠢᠭᠡ ᠠᠵᠤ ᠠᠬᠤᠶᠢᠯᠠᠯ ᠢ ᠨᠢᠭᠡ | ᠲᠥᠷᠥ ᠶᠢᠨ ᠪᠣᠳᠣᠯᠭ᠎ᠠ ᠪᠠᠷ ᠬᠠᠪᠰᠤᠷᠬᠤ᠂ ᠲᠤᠰᠬᠠᠢ ᠠᠩᠭᠢ ᠪᠠᠷ ᠬᠠᠪᠰᠤᠷᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ | ᠬᠠᠪᠰᠤᠷᠬᠤ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠪᠡᠷ ᠤᠨ ᠥᠷᠲᠡᠭ ᠢᠶᠠᠨ ᠪᠠᠭᠤᠷᠠᠭᠤᠯᠵᠤ᠂ ᠬᠥᠭᠵᠢᠯᠲᠡ ᠪᠠᠨ | ᠲᠦᠷᠭᠡᠳᠬᠡᠬᠦ ᠶᠢ ᠵᠢᠯᠣᠭᠤᠳᠤᠨ ᠬᠠᠪᠰᠤᠷᠴᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ︽ᠲᠦᠷᠦᠭᠦᠯᠡᠨ ᠬᠢᠬᠦ ᠬᠥᠮᠥᠨ︾ ᠪᠤᠯᠬᠤ ᠪᠠᠷ ᠪᠠᠷᠠᠬᠤ ᠦᠭᠡᠢ | ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠦᠢᠯᠡᠴᠢᠯᠡᠬᠦ ︽ᠲᠥᠷᠬᠦᠮ ᠤᠨ ᠬᠥᠮᠥᠨ︾ ᠨᠢ ᠪᠤᠯᠬᠤ ᠬᠡᠷᠡᠭᠲᠡᠢ᠃ ᠰᠢᠨ᠎ᠡ ᠪᠠᠷ ᠵᠣᠬᠢᠶᠠᠨ | ᠪᠠᠶᠢᠭᠤᠯᠤᠭᠰᠠᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠪᠦᠯᠦᠭᠯᠡᠯ ᠨᠢ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠳᠡᠭᠡᠷ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ | ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠡᠢ᠃ | | | ᠶᠣᠣ ᠶᠦᠩ ᠪᠦᠸᠧ ᠠᠵᠢᠯᠯᠠᠭ᠎ᠠ ᠳᠤ ᠣᠷᠣᠯᠴᠠᠵᠠᠢ᠃ |