ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2024 ︺ 61 ᠳ᠋ᠦ᠋ᠭᠡᠷ ᠲᠣᠭᠠᠲᠤ | | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ | ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ | ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ | | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ | ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠨᠠᠷᠠᠲᠤ ᠲᠡᠮᠳᠡᠭᠵᠢᠭᠰᠡᠨ | ᠬᠥᠭᠵᠢᠯᠲᠡ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ | ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠤᠨ᠂ ᠳᠣᠣᠷᠠᠬᠢ ᠮᠡᠲᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃ | ᠨᠢᠭᠡ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ | 2024 ᠣᠨ ︵ᠪᠠᠭᠲᠠᠨ᠎ᠠ︶ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠡᠪᠴᠢᠶᠡᠵᠢᠯ ᠢᠶᠠᠨ ᠥᠷᠭᠡᠳᠬᠡᠨ ᠦᠢᠯᠡᠳᠪᠦᠷᠢᠯᠡᠯ ᠢᠶᠠᠨ | ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠦᠷᠦᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠂ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ᠂ | ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠦᠩᠭᠦᠨ ᠤ ᠨᠣᠷᠮ᠎ᠠ ︵LPR︶ ᠶᠢᠨ 70% ᠪᠠᠷ | ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ | ᠬᠦᠦ ᠶᠢᠨ ᠳᠡᠮᠵᠢᠯᠭᠡ ᠣᠯᠭᠤᠵᠤ᠂ ᠲᠡᠳᠡᠨ ᠤ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶᠢᠯᠠᠯ ᠪᠠ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ | ᠦᠨᠡᠮᠰᠢᠭᠦᠯᠬᠦ ᠶᠢ ᠨᠢ ᠵᠣᠷᠢᠭᠵᠢᠭᠤᠯᠤᠨ᠎ᠠ᠃ ᠰᠢᠨ᠎ᠡ ᠪᠠᠷ ᠦᠨᠡᠮᠰᠢᠭᠰᠡᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠪᠣᠯᠬᠤ ᠬᠥᠲᠥᠴᠢ ᠠᠵᠤ | ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠤᠯᠤᠰ ᠤᠨ ᠲᠡᠰ ᠤᠨ ᠠᠵᠤ ᠦᠢᠯᠡᠰᠵᠢᠭᠰᠡᠨ ᠬᠥᠲᠥᠴᠢ | ᠠᠵᠤ ᠠᠬᠤᠶᠢᠯᠠᠯ ᠤᠨ ᠨᠢᠭᠡ ᠶᠢ ᠨᠢᠭᠡ ᠳᠤ ᠴᠢᠭᠯᠡᠭᠦᠯᠦᠨ ᠲᠡᠳᠬᠦᠬᠦ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ᠂ ︽ᠨᠢᠭᠡ | ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠳᠠᠮᠵᠢᠭᠤᠯᠤᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | ᠬᠤᠶᠠᠷ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠶᠡᠭᠡ ᠪᠠᠷ ᠪᠤᠶᠢᠵᠢᠭᠤᠯᠤᠨ᠎ᠠ | ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠦ ᠪᠠᠨ ᠨᠢᠭᠡᠳᠦᠯᠲᠡᠢ ᠲᠥᠯᠥᠪᠯᠡᠬᠦ ᠶᠢ ᠨᠢ | ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠶᠢᠨ ᠬᠠᠮᠲᠤ᠂ | ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠵᠢᠯ ᠤᠨ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠦᠩᠭᠦᠨ ᠤ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ | ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | ᠭᠤᠷᠪᠠ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠵᠦ ᠲᠠᠰ ᠳᠡᠪᠰᠢᠭᠦᠯᠬᠦ ᠶᠢ ᠠᠬᠢᠭᠤᠯᠤᠨ᠎ᠠ | 2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1.6 ᠳ᠋ᠦᠩᠰᠢᠭᠤᠷ ᠲᠥᠭᠦᠷᠢᠭ ᠲᠤ | ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠳᠤ᠂ ᠨᠢᠭᠡ ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 70% ᠪᠠᠷ ᠲᠡᠷᠡᠴᠢᠯᠡᠨ | 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ᠂ ᠵᠢᠯ ᠪᠦᠷᠢ 300 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ | ᠳᠡᠮᠵᠢᠯᠭᠡ ᠣᠯᠭᠤᠨ᠎ᠠ᠃ ᠵᠢᠯ ᠤᠨ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠤᠭᠰᠠᠨ ᠪᠣᠳᠠᠲᠠᠢ ᠬᠡᠮᠵᠢᠶ᠎ᠡ ᠨᠢ 2 ᠲᠦᠮᠡ ᠠᠴᠠ ᠳᠡᠭᠡᠭᠰᠢ ᠳᠤ ᠬᠦᠷᠦᠭᠰᠡᠨ ᠠᠯᠠᠰᠢᠨ | ᠦᠬᠡᠷ ᠨᠢᠲᠤᠯᠬᠤ ᠠᠵᠤ ᠠᠬᠤᠶᠢᠯᠠᠯ ᠨᠢ ᠪᠣᠷᠳᠣᠭᠰᠠᠨ ᠦᠬᠡᠷ ᠬᠤᠳᠠᠯᠳᠤᠨ ᠠᠪᠬᠤ ᠪᠠᠷ ᠭᠦᠢᠯᠭᠡᠭᠡᠨ ᠤ ᠪᠡᠯᠡ ᠮᠥᠩᠭᠦᠨ ᠤ ᠵᠢᠭᠡᠯᠡᠯᠭᠡ ᠵᠢᠭᠡᠯᠡᠬᠦ ᠳᠤ ᠭᠦᠷᠪᠡᠯ᠂ ᠨᠢᠭᠡ | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 70% ᠪᠠᠷ | ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠪᠠᠷ ᠵᠢᠯ ᠪᠦᠷᠢ 600 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ | ᠳᠡᠮᠵᠢᠯᠭᠡ ᠣᠯᠭᠤᠨ᠎ᠠ᠃ ᠠᠯᠠᠰᠢᠨ ᠦᠬᠡᠷ ᠤᠨ ᠠᠵᠤ ᠠᠬᠤᠶᠢᠯᠠᠯ ᠤᠨ ᠦᠬᠡᠷ ᠤᠨ ᠮᠢᠬᠠᠨ ᠤ ᠪᠡᠯᠡᠨ ᠵᠠᠭᠤᠰᠢ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ ᠤᠨ | ᠪᠦᠲᠦᠭᠡᠭᠳᠡᠬᠦᠨ᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠳᠡᠮᠵᠢᠨ᠎ᠡ᠃ ᠥᠪᠡᠷᠲᠡᠭᠡᠨ | ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠠᠢ ᠠᠵᠤ ᠠᠬᠤᠶᠢᠯᠠᠯ ᠤᠨ ᠠᠯᠠᠰᠢᠨ ᠦᠬᠡᠷ ᠤᠨ ᠠᠵᠤ ᠦᠢᠯᠡᠰ ᠲᠤ ᠣᠷᠣᠬᠤ ᠶᠢ ᠨᠢ ᠵᠣᠷᠢᠭᠵᠢᠭᠤᠯᠵᠤ᠂ ᠲᠡᠳᠡᠨ ᠤ | ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠨᠠᠷᠠᠲᠤ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠶᠢᠨ ᠲᠦᠪᠰᠢᠨ ᠢ ᠠᠰᠢᠭᠯᠠᠨ᠂ ᠪᠥᠬᠦ ᠣᠷᠣᠨ ᠤ | ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠡᠰ ᠢ ᠨᠢ ᠲᠡᠬᠡᠭᠰᠢᠯᠡᠬᠦᠯᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | ᠳᠥᠷᠪᠡ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠬᠦ ᠶᠢ ᠠᠬᠢᠭᠤᠯᠤᠨ᠎ᠠ | ᠵᠢᠯ ᠪᠦᠷᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠠᠴᠠ 2 ᠢ ᠰᠢᠯᠢᠵᠦ ᠳᠡᠮᠵᠢᠯᠭᠡ ᠦᠵᠡᠭᠦᠯᠦᠨ᠎ᠡ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠪᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠮᠵᠢᠨ᠎ᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠬᠡᠷᠡᠭᠯᠡᠬᠦ ᠳᠤ ᠪᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ | ᠤᠷᠢᠳ ᠢᠶᠠᠷ ᠳᠡᠮᠵᠢᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ︺ | ᠲᠠᠪᠤ᠂ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠵᠠᠮᠴᠢ ᠠᠵᠤ ᠠᠬᠤᠶᠢᠯᠠᠯ᠂ ᠰᠦᠯᠵᠢᠶ᠎ᠡ ᠪᠠᠷ ᠪᠣᠷᠣᠯᠠᠭᠤᠯᠬᠤ᠂ ᠣᠨᠴᠠᠯᠢᠭᠲᠤ ᠨᠠᠷᠠᠲᠤ | ᠲᠡᠮᠳᠡᠭ ᠤᠳ ᠠᠴᠠ ᠲᠤᠰ ᠪᠦᠷᠢ ᠰᠢᠯᠭᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠳᠤ᠂ ᠪᠣᠷᠤᠯᠠᠭᠤᠯᠭ᠎ᠠ ᠶᠢᠨ ᠲᠤᠭ᠎ᠠ ᠨᠢ ᠳᠡᠭᠡᠷ᠎ᠡ | ᠵᠢᠯ ᠤᠨ ᠬᠢ ᠠᠴᠠ ᠪᠠᠨ 100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠤ ᠪᠠᠨ | 30 ᠲᠦᠮᠡᠨ ᠲᠥᠭᠦᠷᠢᠭ ᠠᠴᠠ ᠦᠯᠦ ᠬᠡᠲᠦᠷᠡᠭᠦᠯᠦᠨ᠂ ᠠᠳᠠᠯᠢ ᠨᠢᠭᠡ ᠠᠵᠤ ᠠᠬᠤᠶᠢᠯᠠᠯ ᠢ ᠠᠳᠠᠯᠢ ᠨᠢᠭᠡ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︺ | ᠵᠢᠷᠭᠤᠭ᠎ᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠰᠢᠨ᠎ᠡ ᠪᠠᠷ ᠳᠡᠪᠰᠢᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ 5A ᠲᠠᠰ ᠤᠨ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠳᠤ᠂ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ | ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ ᠭᠠᠵᠠᠷ ᠲᠤ ᠤᠷᠢᠳᠠᠴᠢ ᠬᠦᠢᠲᠡᠨ ᠬᠡᠯᠬᠢᠶᠡᠲᠦ ᠰᠣᠷᠭᠤᠭ ᠬᠠᠳᠠᠭᠠᠯᠠᠬᠤ ᠬᠥᠮᠥᠷᠭᠡ | ᠬᠥᠭᠵᠢᠭᠦᠯᠬᠦ ᠶᠢ ᠵᠣᠷᠢᠭᠵᠢᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ︺ | ᠳᠣᠯᠤᠭ᠎ᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠦᠨ᠎ᠡ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠪᠤᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ | ᠠᠵᠢᠯ ᠢ ᠳᠡᠮᠵᠢᠵᠦ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠡᠮᠳᠡᠭ᠂ | ᠨᠢᠭᠡᠳᠦᠯᠲᠡᠢ ᠢᠯᠭᠠᠬᠤ ᠲᠡᠮᠳᠡᠭ᠂ ᠨᠢᠭᠡᠳᠦᠯᠲᠡᠢ ᠤᠬᠠᠭᠤᠯᠭ᠎ᠠ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︽ᠥᠪᠥᠷ ᠮᠣᠩᠭᠤᠯ︾ ᠨᠡᠷᠡᠮᠵᠢᠲᠦ ᠲᠡᠮᠳᠡᠭ — ᠲᠠᠯ᠎ᠠ ᠨᠤᠲᠤᠭ ᠤᠨ ᠣᠬᠢ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠢ ᠴᠣᠭᠴᠠᠯᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠳᠤ ᠭᠡᠷᠡᠴᠢᠯᠡᠭᠦᠯᠬᠦ ᠪᠠ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ 2024 ᠣᠨ ᠳᠤ ᠪᠣᠬᠢᠷᠲᠤᠯ ᠦᠭᠡᠢ ᠢᠳᠡᠭᠡᠨ᠂ ᠣᠷᠭᠠᠨᠢᠭ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠰᠡᠨ ᠭᠠᠷᠤᠯᠲᠠ ᠨᠢ 1000 ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ | ᠭᠡᠷᠡᠴᠢᠯᠡᠭᠦᠯᠦᠭᠰᠡᠨ ᠵᠠᠷᠤᠳᠠᠯ ᠢ ᠪᠥᠬᠦ ᠲᠤᠭ᠎ᠠ ᠪᠠᠷ ᠨᠢ ᠱᠠᠩᠨᠠᠨ ᠨᠥᠬᠦᠪᠦᠷᠢᠯᠡᠵᠦ᠂ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠭᠠᠷᠤᠯᠲᠠ ᠪᠠᠷ | ᠦᠨᠳᠦᠰᠦᠯᠡᠯ ᠪᠣᠯᠭᠠᠨ ᠲᠣᠭᠲᠠᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ ᠤᠨ ᠬᠤᠲᠠ ᠳᠤ ︽ | ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠬᠢᠯᠡᠨ᠎ᠡ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠤᠳᠠᠯᠳᠤᠭ᠎ᠠ | ᠬᠡᠲᠦ ᠳᠡᠯᠭᠡᠭᠦᠷ᠂ ᠢᠳᠡᠭᠡᠨ ᠤᠮᠳᠠᠭᠠᠨ ᠤ ᠦᠢᠯᠡᠰ ᠲᠤ ᠣᠷᠣᠭᠤᠯᠬᠤ ᠶᠢ ᠠᠬᠢᠭᠤᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ᠂ ᠡᠯᠧᠺᠲᠷᠤᠨ | ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠤ ᠪᠣᠷᠤᠯᠠᠭᠤᠯᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︺ | ᠨᠠᠢᠮᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ | ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠵᠦ᠂ ᠵᠠᠬᠢᠶᠠᠯᠠᠭ᠎ᠠ ᠶᠢᠨ | ᠬᠠᠭᠤᠳᠠᠰᠤ᠂ ᠰᠠᠩ ᠤᠨ ᠬᠠᠭᠤᠳᠠᠰᠤ᠂ ᠬᠤᠷᠢᠶᠠᠪᠠᠰᠤ ᠵᠣᠬᠢᠬᠤ ᠲᠠᠩᠰᠠᠨ ᠤ ᠵᠣᠭᠤᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ | ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠨᠢᠭᠡᠳᠦᠯᠲᠡᠢ ᠳᠠᠩᠰᠠᠯᠠᠨ | ᠲᠡᠮᠳᠡᠭᠯᠡᠵᠦ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠲᠠᠢ ᠪᠡᠯᠡ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠳᠠᠩᠰᠠᠯᠠᠨ ᠲᠡᠮᠳᠡᠭᠯᠡᠨ᠎ᠡ᠃ | ᠬᠦᠦ ᠮᠥᠩᠭᠦᠨ ᠤ ᠨᠣᠷᠮ᠎ᠠ ᠳᠤ ᠨᠡᠮᠡᠭᠦᠷᠢ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ | ᠪᠠ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠳᠤ ᠣᠷᠣᠭᠤᠯᠤᠯᠲᠠ ᠬᠢᠯᠭᠡᠨ᠎ᠡ᠃ ᠨᠥᠬᠦᠴᠡᠯ ᠳᠤ ᠨᠡᠶᠢᠴᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ | ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠤᠷᠲᠤᠪᠲᠤᠷ ᠬᠤᠭᠤᠴᠠᠭᠠᠨ ᠤ ᠪᠠᠷᠢᠮᠲᠠ ᠵᠡᠷᠭᠡ ᠥᠷᠢ ᠥᠭᠴᠡᠭᠡᠨ ᠤ ᠪᠡᠯᠡ | ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠮᠥᠩᠭᠦᠨ ᠭᠦᠢᠯᠭᠡᠭᠡᠨ ᠤ ᠬᠡᠯᠬᠢᠶᠡᠨ ᠳᠠᠷᠤᠭ᠎ᠠ ᠶᠢᠨ ᠳᠦᠷᠢᠮ ᠢ ᠪᠠᠶᠢᠭᠤᠯᠵᠤ᠂ ᠠᠵᠤ ᠦᠢᠯᠡᠰ ᠬᠤᠪᠢᠶᠠᠨ | ᠬᠡᠯᠬᠢᠶᠡᠨ ᠳᠠᠷᠤᠭ᠎ᠠ ᠶᠢᠨ ᠪᠠᠩᠬᠢ ᠪᠠ ᠬᠠᠮᠵᠢᠯᠴᠠᠨ ᠡᠷᠭᠢᠯᠡᠬᠦ ᠪᠠᠩᠬᠢ ᠶᠢ ᠲᠣᠳᠣᠷᠬᠠᠶᠢᠯᠠᠵᠤ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ | ᠵᠠᠬᠢᠶᠠᠯᠠᠭ᠎ᠠ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠥᠪᠡᠷ ᠤᠨ ᠥᠷᠲᠡᠭ ᠤᠨ ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠪᠡᠯᠡᠳᠬᠡᠮᠵᠢ ᠶᠢᠨ ᠳᠠᠭᠠᠳᠬᠠᠯ᠂ | ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠮᠡᠯ ᠨᠡᠷᠡᠳᠭᠦᠨ ᠳᠤ ᠰᠢᠨ᠎ᠡ ᠶᠢ ᠡᠭᠦᠳᠦᠨ ᠳᠡᠯᠭᠡᠷᠡᠭᠦᠯᠦᠨ᠎ᠡ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠳᠠᠬᠢ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ︺ | ᠶᠢᠰᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠨᠢ ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ ᠦᠷᠲᠡᠭ ᠨᠡᠮᠡᠭᠳᠡᠯ ᠤᠨ ᠭᠠᠶᠢᠯᠢ ᠶᠢ ᠲᠣᠭᠲᠠᠭᠠᠯ ᠶᠣᠰᠣᠭᠠᠷ ᠲᠤᠯᠭᠠᠨ | ᠰᠠᠭᠤᠯᠭᠠᠵᠤ ᠪᠣᠯᠣᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠳᠤ | ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠪᠠᠭᠲᠠᠭᠠᠨ ᠰᠢᠩᠭᠡᠭᠡᠬᠦ ᠶᠢ ᠳᠡᠮᠵᠢᠵᠦ᠂ ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ ᠦᠭᠡᠢ ᠴᠠᠬᠢᠯᠭᠠᠨ | ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠬᠡᠷᠡᠭᠯᠡᠭᠡ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠤᠰᠤᠨ ᠤ ᠡᠬᠢ | ᠰᠤᠷᠪᠤᠯᠵᠢ ᠪᠠᠷ ᠠᠵᠤ ᠦᠢᠯᠡᠰ ᠤᠨ ᠬᠡᠪᠴᠢᠶᠡᠵᠢᠯ ᠪᠠ ᠪᠦᠲᠦᠴᠡ ᠶᠢ ᠲᠥᠯᠥᠪᠵᠢᠭᠦᠯᠬᠦ ᠤᠷᠢᠲᠠᠯ ᠳᠣᠣᠷ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ᠃ ︹ ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠤᠮᠫᠠᠨᠢ᠂ ᠤᠯᠤᠰ ᠤᠨ ᠴᠠᠬᠢᠯᠭᠠᠨ | ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ︺ | ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠵᠤ ᠨᠥᠬᠦᠪᠦᠷᠢᠯᠡᠬᠦ ︵ᠱᠠᠩᠨᠠᠵᠤ ᠬᠥᠬᠢᠭᠦᠯᠬᠦ︶ ᠪᠡᠯᠡ ᠮᠥᠩᠭᠦ ᠶᠢ ᠴᠥᠮ ︽ | ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠶᠢ ᠦᠨᠳᠦᠰᠦᠯᠡᠨ ᠨᠥᠬᠦᠪᠦᠷᠢᠯᠡᠬᠦ᠂ ᠡᠷᠭᠢᠯᠳᠦᠭᠦᠯᠦᠨ | ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂ ᠡᠯ᠎ᠡ ᠬᠠᠷᠢᠭᠤᠴᠠᠯᠭᠠᠲᠤ ᠨᠢᠭᠡᠴᠢ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠂ ᠪᠡᠯᠡ | ᠮᠥᠩᠭᠦ ᠱᠠᠩᠨᠠᠵᠤ ᠨᠥᠬᠦᠪᠦᠷᠢᠯᠡᠬᠦ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ ᠬᠡᠷᠡᠭᠵᠢᠭᠦᠯᠬᠦ ᠠᠭᠤᠯᠭ᠎ᠠ᠂ ᠰᠢᠯᠭᠠᠨ ᠬᠢᠨᠠᠵᠤ ᠰᠢᠯᠭᠠᠨ | ᠠᠪᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠴᠠᠭ ᠲᠤ ᠨᠢ ᠲᠣᠬᠢᠷᠠᠭᠤᠯᠤᠨ | ᠦᠨᠡᠯᠡᠨ ᠵᠢᠱᠢᠵᠦ᠂ ᠦᠷ᠎ᠡ ᠪᠦᠲᠦᠮᠵᠢ ᠶᠢ ᠨᠢ ᠮᠦᠷᠳᠡᠨ ᠠᠰᠠᠭᠤᠬᠤ ᠬᠡᠷᠡᠭᠲᠡᠢ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2024 ︺ 10 ᠳ᠋ᠤᠭᠠᠷ | ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ |