ᠴᠠᠭᠠᠨ ᠰᠠᠷ᠎ᠠ ᠶᠢᠨ ᠵᠠᠩ ᠦᠢᠯᠡ ᠤᠯᠠᠮᠵᠢᠯᠠᠯ ᠤᠨ ᠰᠠᠶᠢᠬᠠᠨ ᠢ ᠳᠡᠯᠭᠡᠨ᠎ᠡ
ᠨᠡᠶᠢᠲᠡᠯᠡᠭᠰᠡᠨ ᠴᠠᠭ᠄
2025/2/7
       ᠬᠠᠯᠪᠠᠭ᠎ᠠ ᠪᠠᠷ ᠪᠢᠷ ᠪᠣᠯᠭᠠᠨ᠂ ᠰᠢᠬᠢᠷ ᠢᠶᠠᠷ ᠪᠡᠭᠡ ᠪᠤᠯᠭᠠᠵᠤ᠂ ᠭᠢᠯᠦᠭᠡᠷ ᠰᠠᠶᠢᠬᠠᠨ ᠲᠡᠮᠦᠷ ᠬᠠᠪᠲᠠᠰᠤᠨ ᠳᠡᠭᠡᠷ᠎ᠡ ᠮᠣᠭᠠᠢ ᠶᠢᠨ ᠬᠡᠯᠪᠡᠷᠢᠲᠦ ᠰᠢᠬᠢᠷ ᠤᠨ ᠵᠢᠷᠤᠭ ᠵᠢᠷᠤᠨ᠎ᠠ; ᠥᠯᠵᠡᠶᠢᠲᠦ ᠯᠣᠣ᠂ ᠲᠤᠬᠰᠢᠨ ᠠᠷᠰᠯᠠᠨ ᠤ ᠲᠣᠬᠯᠠᠯᠲᠠ ᠨᠢ ᠬᠥᠮᠥᠰ ᠤᠨ ᠰᠣᠨᠢᠷᠬᠠᠯ ᠢ ᠳᠠᠳᠠᠨ᠎ᠠ; ᠡᠨᠡ ᠵᠢᠯ ᠤᠨ ᠴᠠᠭᠠᠨ ᠰᠠᠷ᠎ᠠ᠂ ᠡᠯ᠎ᠡ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠬᠥᠮᠥᠰ ᠤᠨ ᠲᠠᠭᠠᠰᠢᠶᠠᠯ ᠢ ᠣᠯᠵᠤ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ ᠨᠢ ᠴᠠᠭᠠᠨ ᠰᠠᠷ᠎ᠠ ᠶᠢᠨ ᠰᠢᠨ᠎ᠡ ᠤᠷᠤᠰᠬᠠᠯ ᠪᠣᠯᠵᠠᠢ᠃       ᠴᠠᠭᠠᠨ ᠰᠠᠷ᠎ᠠ ᠨᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ  ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠰᠣᠩᠭᠤᠭᠳᠠᠭᠰᠠᠨ ᠠᠴᠠ ᠮᠣᠭᠠᠢ ᠵᠢᠯ ᠤᠨ ᠴᠠᠭᠠᠨ ᠰᠠᠷ᠎ᠠ ᠨᠢ ᠥᠩᠭᠡᠷᠡᠭᠰᠡᠨ ᠤ ᠬᠢ ᠲᠠᠢ ᠠᠳᠠᠯᠢᠳᠬᠠᠪᠠᠯ ᠨᠡᠩ ᠭᠤᠶᠢᠳᠠ ᠰᠠᠶᠢᠬᠠᠨ ᠨᠡᠩ ᠰᠣᠨᠢᠷᠬᠠᠯ ᠲᠠᠢ ᠪᠠᠶᠢᠯ᠎ᠠ᠃ ᠡᠬᠡ ᠤᠯᠤᠰ ᠤᠨ ᠤᠮᠠᠷᠠᠲᠤ ᠬᠢᠯᠢ ᠶᠢ ᠪᠠᠷᠠᠯᠠᠬᠤᠶ᠎ᠠ᠂ ᠳ᠋ᠧᠩ ᠤᠨ ᠴᠤᠭᠯᠠᠭᠠᠨ᠂ ᠰᠦᠮ᠎ᠡ ᠶᠢᠨ ᠴᠤᠭᠯᠠᠭᠠᠨ᠂ ᠭᠠᠯ ᠤᠨ ᠦᠳᠡᠰᠢᠯᠡᠭᠡ ᠭᠦᠷ ᠬᠥᠭᠵᠢᠶᠡᠨᠲᠡᠢ ᠶᠠᠪᠤᠭᠳᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠦᠨ᠂ ᠤᠯᠠᠮᠵᠢᠯᠠᠯᠲᠤ ᠤᠷ᠎ᠠ ᠮᠡᠷᠭᠡᠵᠢᠯ᠂ ᠤᠯᠠᠮᠵᠢᠯᠠᠯᠲᠤ ᠨᠠᠷᠠᠲᠤ ᠪᠦᠲᠦᠭᠡᠭᠳᠡᠬᠦᠨ ᠳᠡᠯᠭᠡᠭᠳᠡᠵᠦ᠂ ᠬᠤᠶᠠᠷ ᠬᠥᠮᠥᠨ ᠤ ᠵᠦᠴᠦᠭᠡ᠂ ᠶᠠᠩᠭᠠᠷ᠂  ᠵᠢᠰᠦ ᠬᠤᠪᠢᠯᠬᠤ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠤᠬᠯᠠᠯᠳᠠ ᠨᠢ ᠬᠥᠮᠥᠰ ᠢ ᠰᠣᠭᠲᠣᠭᠤᠷᠠᠭᠤᠯᠤᠨ᠎ᠠ᠃ ᠠᠷᠠᠳ ᠤᠨ ᠵᠠᠩ ᠦᠢᠯᠡ ᠶᠢ ᠰᠣᠨᠢᠷᠬᠠᠵᠤ᠂  ᠮᠥᠰᠥ ᠴᠠᠰᠤ ᠪᠠᠷ ᠵᠢᠭᠤᠯᠴᠢᠯᠠᠨ᠂ ᠠᠮᠲᠠᠲᠤ ᠢᠳᠡᠭᠡᠨ ᠠᠮᠰᠠᠵᠤ᠂ ᠰᠠᠷ᠎ᠠ ᠰᠢᠨ᠎ᠡ ᠳᠤ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠨᠢ ᠣᠳᠣᠬᠠᠨ ᠤ ᠡᠯ᠎ᠡ ᠭᠠᠵᠠᠷ ᠤᠨ ᠰᠣᠶᠣᠯ ᠤᠨ ᠤᠷᠤᠰᠬᠠᠯ ᠪᠣᠯᠵᠤ᠂ ᠴᠠᠭᠠᠨ ᠰᠠᠷ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠨᠠᠩ ᠴᠤ ᠰᠢᠨ᠎ᠡ ᠴᠠᠭ ᠦᠶ᠎ᠡ ᠳᠤ ᠪᠠᠳᠠᠷᠠᠨ ᠬᠥᠭᠵᠢᠭᠰᠡᠨ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃       ᠪᠣᠳᠠᠰ ᠤᠨ ᠪᠤᠰᠤ ᠰᠣᠶᠣᠯ ᠤᠨ ᠥᠪ ᠬᠤᠪᠣᠷ ᠴᠤᠬᠠᠭ ᠪᠠᠶᠢᠳᠠᠭ ᠢᠶᠠᠷ ᠢᠶᠠᠨ ᠰᠠᠶᠢᠲᠤᠷ ᠬᠠᠮᠠᠭᠠᠯᠠᠬᠤ ᠴᠢᠬᠤᠯᠠᠲᠠᠢ ᠶᠤᠮ᠃ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ᠎ᠠ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠬᠠᠳᠠᠭᠠᠯᠠᠭᠳᠠᠵᠤ᠂ ᠨᠢᠭᠡ ᠭᠠᠵᠠᠷ ᠣᠷᠣᠨ ᠤ ᠨᠤᠲᠤᠭ ᠤᠰᠤᠨ ᠤ ᠵᠠᠩ ᠳᠠᠳᠬᠠᠯ ᠳᠤ ᠬᠤᠯᠪᠣᠭᠳᠠᠵᠤ᠂ ᠬᠠᠶᠢᠷ᠎ᠠ ᠰᠡᠳᠬᠢᠯᠭᠡ ᠳᠤ ᠬᠤᠯᠪᠣᠭᠳᠠᠵᠤ ᠪᠠᠶᠢᠳᠠᠭ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠠᠵᠢᠯ ᠢ ᠰᠠᠶᠢᠲᠤᠷ ᠬᠢᠬᠦ ᠶᠢᠨ ᠮᠠᠰᠢ ᠴᠢᠬᠤᠯᠠ ᠨᠢᠭᠡ ᠵᠦᠢᠯ ᠪᠣᠯ ᠲᠡᠭᠦᠨ ᠤ ᠳᠣᠲᠣᠷᠠᠬᠢ ᠭᠤᠸ᠎ᠠ ᠰᠠᠶᠢᠬᠠᠨ ᠤ ᠰᠣᠨᠢᠷᠬᠠᠯᠳᠤ ᠴᠢᠨᠠᠷ᠂ ᠤᠶᠤᠨ ᠰᠠᠨᠠᠭᠠᠨ ᠤ ᠠᠭᠤᠯᠤᠭᠳᠠᠬᠤᠨ ᠢ ᠦᠷᠭᠦᠯᠵᠢᠯᠡᠨ ᠬᠠᠳᠠᠭᠠᠯᠠᠵᠤ᠂ ︽ᠭᠡᠯᠪᠡᠷᠢ︾ ᠶᠢ ᠨᠢ ᠦᠯᠡᠳᠡᠭᠡᠬᠦ ᠪᠥᠭᠡᠳ ᠨᠡᠩ ᠴᠤ ︽ᠰᠦᠭ ᠰᠦᠨᠡᠰᠦ︾ ᠶᠢ ᠨᠢ ᠤᠯᠠᠮᠵᠢᠯᠠᠨ ᠵᠠᠯᠭᠠᠮᠵᠢᠯᠠᠬᠤ ᠶᠠᠪᠤᠳᠠᠯ ᠪᠣᠯᠣᠨ᠎ᠠ᠃ ᠪᠠᠶᠠᠯᠢᠭ ᠰᠠᠶᠢᠬᠠᠨ ᠠᠷᠠᠳ ᠤᠨ ᠵᠠᠩ ᠦᠢᠯᠡ ᠶᠢᠨ ᠲᠣᠬᠯᠠᠯᠲᠠ ᠨᠢ ᠵᠢᠭᠤᠯᠴᠢᠯᠠᠬᠰᠡᠳ ᠤᠨ ᠪᠠᠭ᠋ᠠᠷᠬᠠᠯ ᠢ ᠲᠠᠲᠠᠵᠤ᠂ ᠡᠷᠲᠡᠨ ᠤ ᠬᠤᠳᠠ ᠶᠢᠨ ᠵᠢᠭᠤᠯᠴᠢᠯᠠᠯ ᠤᠨ ᠬᠡᠷᠡᠭᠯᠡᠭᠡᠨ ᠤ ᠬᠠᠯᠠᠮᠰᠢᠯ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠤᠳᠤ ᠦᠶ᠎ᠡ ᠶᠢᠨ ᠵᠠᠯᠠᠭᠤᠴᠤᠳ ᠤᠨ ᠨᠡᠶᠢᠭᠡᠮ ᠤᠨ ᠬᠠᠷᠢᠯᠴᠠᠭ᠎ᠠ ᠶᠢ ᠲᠡᠭᠦᠰ ᠰᠠᠶᠢᠬᠠᠨ ᠠᠭᠤᠰᠤᠯᠴᠠᠭᠤᠯᠪᠠ ᠁ ᠪᠣᠳᠠᠰ ᠤᠨ ᠪᠤᠰᠤ ᠰᠣᠶᠣᠯ ᠤᠨ ᠥᠪ ᠨᠢ ᠡᠳᠦᠷ ᠳᠤᠳᠤᠮ ᠤᠨ ᠠᠮᠢᠳᠤᠷᠠᠯ ᠳᠤ ᠠᠭᠤᠰᠴᠤ᠂ ᠬᠥᠮᠥᠨ ᠪᠣᠳᠠᠰ ᠠᠮᠢᠳᠤᠷᠠᠯ ᠳᠤ ᠠᠭᠤᠰᠤᠯᠴᠠᠪᠠᠯ ᠰᠠᠶ᠋ᠢ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠵᠤ ᠴᠢᠳᠠᠨ᠎ᠠ᠃ ᠰᠢᠨ᠎ᠡ ᠶᠢ ᠡᠭᠦᠳᠬᠦ ᠪᠠᠷ ᠤᠯᠠᠮᠵᠢᠯᠠᠯᠲᠤ ᠰᠣᠶᠣᠯ ᠪᠣᠯᠣᠨ ᠣᠳᠣ ᠦᠶ᠎ᠡ ᠶᠢᠨ ᠠᠮᠢᠳᠤᠷᠠᠯ ᠤᠨ ᠬᠥᠭᠦᠷᠭᠡ ᠶᠢ ᠪᠣᠰᠬᠠᠵᠤ᠂ ᠤᠯᠠᠮᠵᠢᠯᠠᠯᠲᠤ ᠳᠡᠪᠢᠰᠬᠡᠷ ᠥᠩᠭᠡ ᠳᠡᠭᠡᠷ᠎ᠡ ᠣᠳᠣ ᠦᠶ᠎ᠡ ᠶᠢᠨ ᠥᠩᠭᠡ ᠪᠤᠳᠤᠭ ᠢ ᠳᠠᠷᠤᠭᠤᠯᠵᠤ᠂ ᠤᠯᠠᠮᠵᠢᠯᠠᠯᠲᠤ ᠬᠡᠯᠡᠨ ᠤ ᠣᠷᠴᠢᠨ ᠳᠤ ᠣᠳᠣ ᠦᠶ᠎ᠡ ᠶᠢᠨ ᠢᠯᠡᠳᠬᠡᠯᠲᠡ ᠬᠢᠪᠡᠯ᠂ ᠪᠣᠳᠠᠰ ᠤᠨ ᠪᠤᠰᠤ ᠰᠣᠶᠣᠯ ᠤᠨ ᠥᠪ ᠰᠠᠶ᠋ᠢ ᠨᠡᠩ ᠤᠳᠠᠭᠠᠨ ᠳᠠᠭᠠᠭᠠᠮᠠᠭᠠᠢ ᠠᠮᠢᠵᠢᠷᠠᠯ ᠤᠨ ᠬᠦᠴᠦᠨ ᠲᠠᠢ ᠪᠣᠯᠵᠤ ᠴᠢᠳᠠᠨ᠎ᠠ᠃       ᠰᠣᠶᠣᠯ ᠢᠶᠠᠨ ᠤᠯᠠᠮᠵᠢᠯᠠᠨ ᠵᠠᠯᠭᠠᠮᠵᠢᠯᠠᠵᠤ ᠰᠢᠨ᠎ᠡ ᠲᠤᠤᠯᠢᠰ ᠢ ᠪᠢᠴᠢᠭᠯᠡᠨ᠎ᠡ᠃ ᠴᠠᠭᠠᠨ ᠰᠠᠷ᠎ᠠ ᠪᠣᠯ ᠮᠠᠰᠢ ᠣᠯᠠᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠤᠯᠠᠮᠵᠢᠯᠠᠨ ᠦᠢᠯᠡᠳᠦᠯᠭᠡᠵᠢᠭᠦᠯᠬᠦ ᠪᠠ ᠲᠥᠪᠯᠡᠷᠡᠭᠦᠯᠦᠨ ᠳᠡᠯᠭᠡᠨ ᠦᠵᠡᠭᠦᠯᠭᠦ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠᠶᠢᠵᠤ᠂ ᠪᠢᠳᠡ ᠡᠭᠦᠨ ᠤ ᠳᠣᠲᠣᠷ᠎ᠠ ᠦᠢᠯᠡᠳᠦᠯᠭᠡᠵᠢᠭᠦᠯᠦᠨ ᠤᠬᠠᠵᠤ᠂ ᠬᠥᠮᠥᠨ ᠨᠢᠭᠡ ᠪᠦᠷᠢ ᠡᠨᠡ ᠬᠦ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠮᠢᠵᠢᠷᠠᠯ ᠤᠨ ᠬᠦᠴᠦᠨ ᠤ ᠡᠬᠢ ᠪᠤᠯᠠᠭ ᠪᠣᠯᠤᠭᠰᠠᠨ ᠪᠠᠶᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠢ ᠮᠡᠳᠡᠷᠡᠵᠦ᠂ ᠣᠨ ᠵᠢᠯ ᠤᠨ ᠤᠯᠠᠮᠵᠢᠯᠠᠯ ᠢ ᠲᠠᠨᠢᠵᠤ᠂ ᠴᠠᠭ ᠦᠶ᠎ᠡ ᠶᠢᠨ ᠠᠮᠢᠵᠢᠷᠠᠯ ᠤᠨ ᠬᠦᠴᠦᠨ ᠢᠶᠠᠷ ᠤᠯᠠᠮᠵᠢᠯᠠᠯᠲᠤ ᠷᠢᠳᠢ ᠰᠢᠳᠢ ᠶᠢ ᠬᠥᠭᠵᠢᠭᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠭᠡᠷᠡᠯ ᠭᠢᠯᠪᠠᠭ᠎ᠠ ᠶᠢ ᠨᠡᠩ ᠢᠯᠡᠭᠦᠦ ᠰᠠᠴᠤᠷᠠᠭᠤᠯᠪᠠᠯ ᠵᠣᠬᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ