ᠰᠢᠨ᠎ᠡ ᠶᠢᠨ ᠪᠠᠷᠠᠭ᠎ᠠ ᠠᠴᠠ ᠬᠤᠪᠢᠷᠠᠯᠲᠠ ᠶᠢ ᠬᠠᠷᠠᠬᠤᠢ
ᠨᠡᠶᠢᠲᠡᠯᠡᠭᠰᠡᠨ ᠴᠠᠭ᠄
2025/2/7
       ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢᠨ ᠪᠠᠷᠠᠭ᠎ᠠ ᠶᠢᠨ ᠴᠤᠭᠯᠠᠭᠠᠨ ᠢᠳᠡ ᠭᠦᠭ ᠲᠠᠢ ᠶᠠᠪᠤᠭᠳᠠᠵᠤ᠂ ᠴᠠᠭᠠᠨ ᠰᠠᠷ᠎ᠠ ᠶᠢᠨ ᠬᠤᠭᠤᠴᠠᠭᠠᠨ ᠤ ᠺᠢᠨᠣ᠋ ᠶᠢᠨ ᠵᠠᠬ᠎ᠠ ᠳᠡᠯᠭᠡᠭᠦᠷ ᠳᠠᠬᠢᠨᠲᠠ ᠬᠡᠷᠡᠭᠯᠡᠭᠡ ᠶᠢᠨ ᠬᠠᠯᠠᠮᠰᠢᠯ ᠪᠣᠯᠵᠤ᠂ ᠡᠯ᠎ᠡ ᠵᠦᠢᠯ ᠤᠨ ᠣᠨᠴᠠᠯᠢᠭᠲᠤ ᠵᠢᠭᠤᠯᠴᠢᠯᠠᠯ ᠨᠢ ᠨᠡᠩ ᠤᠯᠠᠨ ᠬᠥᠮᠥᠰ ᠤᠨ ᠴᠠᠭᠠᠨ ᠰᠠᠷ᠎ᠠ  ᠪᠠᠨ ᠤᠳᠬ᠎ᠠ ᠠᠭᠤᠯᠭ᠎ᠠ ᠲᠠᠢ ᠥᠩᠭᠡᠷᠡᠭᠦᠯᠬᠦ‍ ᠨᠢᠭᠡ ᠵᠦᠢᠯ ᠤᠨ ᠭᠡᠯᠪᠡᠷᠢ ᠪᠣᠯᠵᠠᠢ ᠁ ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠣᠨᠴᠠ ᠶᠢᠨ ᠭᠦᠷ ᠬᠥᠭᠵᠢᠶᠡᠨ ᠢᠶᠠᠷ ᠪᠢᠯᠬᠠᠨ᠎ᠠ᠃       ᠴᠠᠭᠠᠨ ᠰᠠᠷ᠎ᠠ ᠶᠢᠨ ᠠᠭᠤᠷ ᠠᠮᠢᠰᠬᠤᠯ ᠨᠢ ᠡᠭᠡᠯ ᠬᠥᠮᠥᠰ ᠤᠨ ᠡᠩ ᠤᠨ ᠠᠮᠢᠳᠤᠷᠠᠯ ᠳᠤᠮᠳᠠ ᠠᠭᠤᠰᠴᠤ ᠪᠠᠶᠢᠳᠠᠭ᠃ ᠠᠬᠠᠮᠠᠳ ᠨᠢᠭᠡ ᠦᠶ᠎ᠡ ᠶᠢᠨ ᠬᠥᠮᠥᠰ ᠲᠤ ᠠᠪᠴᠤ ᠬᠡᠯᠡᠪᠡᠯ᠂ ᠴᠠᠭᠠᠨ ᠰᠠᠷ᠎ᠠ ᠶᠢᠨ ᠦᠨᠦᠷ ᠠᠮᠲᠠ ᠭᠡᠭᠴᠢ ᠵᠠᠬ᠎ᠠ ᠳᠡᠯᠭᠡᠭᠦᠷ ᠴᠤᠭᠯᠠᠭ᠎ᠠ ᠮᠠᠶᠢᠮᠠᠢ ᠶᠢᠨ ᠭᠠᠵᠠᠷ ᠰᠢᠬᠠᠯᠳᠤᠨ ᠰᠢᠨ᠎ᠡ ᠶᠢᠨ ᠪᠠᠷᠠᠭ᠎ᠠ  ᠪᠠᠨ ᠬᠤᠳᠠᠯᠳᠤᠨ ᠠᠪᠴᠤ ᠪᠠᠶᠢᠭ᠎ᠠ ᠬᠥᠮᠥᠰ᠂ ᠬᠤᠳᠠᠯᠳᠤᠭᠠᠴᠢᠨ ᠮᠠᠶᠢᠮᠠᠶᠢᠴᠢᠨ ᠤ ᠪᠠᠷᠠᠭ᠎ᠠ ᠪᠠᠨ ᠬᠤᠳᠠᠯᠳᠤᠵᠤ ᠬᠠᠰᠬᠢᠷᠬᠤ ᠲᠠᠭᠤᠨ᠂ ᠫᠤᠤᠵᠢᠩ ᠤᠨ ᠲᠠᠭᠤᠨ ᠪᠠᠶᠢᠵᠤ᠂ ᠮᠢᠬ᠎ᠠ ᠥᠨᠳᠡᠭᠡ ᠰᠦ᠂ ᠲᠡᠯᠡᠶ ᠶᠢᠨ ᠢᠳᠡᠭᠡᠨ ᠤᠰᠤᠨ ᠤ ᠭᠠᠷᠤᠯᠲᠠ᠂ ᠵᠢᠮᠢᠰ ᠢᠳᠡᠰᠢᠨ ᠨᠣᠭᠤᠭ᠎ᠠ ᠵᠡᠷᠭᠡ ᠨᠢ ᠲᠡᠳᠡᠨ ᠤ ᠪᠠᠭ᠋ᠠᠷᠬᠠᠳᠠᠭ ᠰᠢᠨ᠎ᠡ ᠶᠢᠨ ᠪᠠᠷᠠᠭ᠎ᠠ ᠭᠡᠯᠲᠡᠢ᠃ 90 ᠣᠨ ᠠᠴᠠ ᠰᠡᠭᠦᠯᠡᠷ ᠲᠦᠷᠦᠭᠰᠡᠳ᠂ 2000 ᠣᠨ ᠠᠴᠠ ᠰᠡᠭᠦᠯᠡᠷ ᠲᠦᠷᠦᠭᠰᠡᠳ ᠲᠤ ᠠᠪᠴᠤ ᠬᠡᠯᠡᠪᠡᠯ᠂ ᠴᠠᠭᠠᠨ ᠰᠠᠷ᠎ᠠ ᠶᠢᠨ ᠬᠡᠷᠡᠭᠯᠡᠭᠡ ᠨᠢ ᠤᠯᠠᠮᠵᠢᠯᠠᠯᠲᠤ ᠡᠳ᠋ ᠪᠣᠳᠠᠰ ᠤᠨ ᠬᠠᠩᠭᠠᠯᠭ᠎ᠠ ᠳᠤ ᠬᠢᠵᠠᠭᠠᠷᠯᠠᠭᠳᠠᠬᠤ ᠦᠭᠡᠢ ᠪᠣᠯᠵᠤ᠂ ᠬᠠᠷᠢᠨ ᠪᠡᠶᠡᠴᠢᠯᠡᠨ ᠣᠶᠢᠯᠠᠭᠠᠬᠤ ᠭᠡᠯᠪᠡᠷᠢ ᠶᠢᠨ᠂ ᠥᠪᠡᠷᠮᠢᠴᠡ ᠮᠠᠶ᠋ᠢᠭ ᠤᠨ᠂ ᠴᠢᠨᠠᠷ ᠰᠠᠶᠢᠲᠠᠢ ᠬᠡᠷᠡᠭᠯᠡᠭᠡ ᠶᠢ ᠨᠡᠩ ᠢᠯᠡᠭᠦᠦ ᠬᠥᠭᠡᠭᠡᠴᠡᠯᠳᠦᠬᠦ ᠪᠣᠯᠤᠭᠰᠠᠨ ᠪᠠᠶᠢᠨ᠎ᠠ᠃ ᠣᠶᠤᠨᠴᠢ ᠡᠭᠦᠳᠡᠨ ᠣᠨᠢᠰᠤ᠂ ᠺᠣᠹᠧ ᠶᠢᠨ ᠮᠠᠰᠢᠨ ᠵᠡᠷᠭᠡ ᠪᠦᠲᠦᠭᠡᠭᠳᠡᠬᠦᠨ ᠨᠢ ᠠᠭᠠᠵᠢᠮ ᠢᠶᠠᠷ ᠣᠯᠠᠨ ᠤ ᠰᠢᠨ᠎ᠡ ᠶᠢᠨ ᠪᠠᠷᠠᠭ᠎ᠠ ᠶᠢᠨ ᠰᠢᠨ᠎ᠡ ᠰᠣᠩᠭᠤᠯᠲᠠ ᠪᠤᠯᠪᠠ; ᠭᠡᠷ ᠪᠦᠯᠢ ᠪᠠᠷ ᠢᠶᠠᠨ ᠬᠠᠮᠲᠤ ᠵᠢᠭᠤᠯᠴᠢᠯᠠᠬᠤ ᠨᠢ ᠨᠢᠭᠡᠨᠲᠡ ᠣᠳᠣ ᠶᠢᠨ ᠴᠠᠭ ᠤᠨ ᠤᠷᠤᠰᠬᠠᠯ ᠪᠣᠯᠵᠤ ᠪᠠᠶᠢᠭ᠎ᠠ ︽ᠰᠢᠨ᠎ᠡ ᠶᠢᠨ ᠪᠠᠷᠠᠭ᠎ᠠ︾ ᠪᠣᠯᠵᠠᠢ᠃ ᠬᠡᠳᠦᠶᠢᠪᠡᠷ ᠠᠳᠠᠯᠢ ᠪᠤᠰᠤ ᠴᠠᠭ ᠦᠶ᠎ᠡ ᠶᠢᠨ ᠬᠥᠮᠥᠰ ᠤᠨ ᠴᠠᠭᠠᠨ ᠰᠠᠷ᠎ᠠ ᠶᠢᠨ ᠬᠡᠷᠡᠭᠯᠡᠭᠡ ᠶᠢᠨ ᠲᠤᠬᠠᠢ ᠣᠶᠢᠯᠠᠭᠠᠯᠲᠠ ᠨᠢ ᠠᠳᠠᠯᠢ ᠪᠤᠰᠤ ᠪᠤᠯᠪᠠᠴᠤ ᠰᠢᠨ᠎ᠡ ᠬᠡᠪ ᠵᠠᠩᠰᠢᠯ᠂ ᠬᠠᠭᠤᠴᠢᠨ ᠬᠡᠪ ᠵᠠᠩᠰᠢᠯ ᠤᠨ ᠠᠯᠢ ᠨᠢ ᠴᠦ ᠭᠡᠰᠡᠨ ᠴᠥᠮ ᠬᠥᠮᠥᠰ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠪᠠ ᠬᠥᠭᠡᠭᠡᠴᠡᠯᠳᠦᠯ ᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠪᠠ ᠭᠦᠨ ᠵᠤᠵᠠᠭᠠᠨ ᠰᠣᠶᠣᠯ ᠤᠨ ᠣᠣᠷ ᠲᠤᠨᠳᠠᠰᠤ ᠶᠢ ᠠᠴᠢᠶᠠᠯᠠᠵᠤ ᠪᠠᠶᠢᠳᠠᠭ᠃       ᠣᠶᠢᠷ᠎ᠠ ᠶᠢᠨ ᠵᠢᠯ ᠤᠳ ᠲᠤ᠂ ᠤᠯᠤᠰ ᠤᠨ ᠬᠡᠪ ᠨᠠᠮᠪᠠ ᠶᠢ ᠬᠥᠭᠡᠭᠡᠴᠡᠯᠳᠦᠬᠦ ᠤᠷᠤᠰᠬᠠᠯ ᠨᠢ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠠᠯᠠᠮᠰᠢᠯ ᠪᠣᠯᠤᠭᠰᠠᠨ ᠶᠤᠮ᠃ ︽ᠪᠣᠳᠠᠰ ᠤᠨ ᠪᠤᠰᠤ ᠰᠣᠶᠣᠯ ᠤᠨ ᠥᠪ︾ ᠪᠣᠯᠤᠭᠰᠠᠨ ᠠᠩᠬᠠᠳᠠᠭᠴᠢ ᠴᠠᠭᠠᠨ ᠰᠠᠷ᠎ᠠ ᠬᠦᠷᠴᠦ ᠢᠷᠡᠬᠦ ᠶᠢ ᠳᠠᠭᠠᠯᠳᠤᠨ᠂ ᠪᠦᠭᠦ ᠤᠯᠤᠰ ᠤᠨ ᠡᠯ᠎ᠡ ᠭᠠᠵᠠᠷ ᠤᠨ  ᠬᠢᠨ ᠨᠠᠩ ᠴᠤ ᠵᠣᠷᠢᠭ ᠢᠶᠠᠨ ᠭᠦᠢᠴᠡᠳ ᠬᠥᠪᠴᠢᠯᠡᠵᠦ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠡᠯ᠎ᠡ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢᠨ ᠪᠠᠷᠠᠭ᠎ᠠ᠂ ᠰᠣᠶᠣᠯ ᠤᠨ ᠪᠦᠲᠦᠭᠡᠯᠴᠢ ᠲᠠᠸᠠᠷ᠂ ᠠᠷᠠᠳ ᠤᠨ ᠵᠠᠩ ᠦᠶᠯᠡ ᠶᠢᠨ ᠠᠵᠢᠯᠯᠠᠭ᠎ᠠ ᠶᠢ ᠡᠷᠭᠢᠯᠡᠵᠤ᠂ ᠴᠠᠭᠠᠨ ᠰᠠᠷ᠎ᠠ ᠶᠢᠨ ᠬᠡᠷᠡᠭᠯᠡᠭᠡ ᠶᠢ ᠭᠦᠨ ᠵᠤᠵᠠᠭᠠᠨ ᠰᠣᠶᠣᠯ ᠤᠨ ᠦᠨᠦᠷ ᠠᠮᠲᠠ ᠲᠠᠢ ᠪᠣᠯᠭᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠦᠯᠢᠭᠡᠷ ᠢ ᠰᠠᠶᠢᠲᠤᠷ ᠶᠠᠷᠢᠵᠤ᠂ ᠠᠷᠠᠳ ᠤᠯᠠᠨ ᠤ ᠬᠡᠷᠡᠭᠴᠡᠭᠡ ᠳᠤ ᠨᠡᠶᠢᠴᠡᠭᠰᠡᠨ ᠬᠡᠷᠡᠭᠯᠡᠭᠡᠨ ᠤ ᠦᠵᠡᠭᠳᠡᠯ ᠪᠠᠶᠢᠳᠠᠯ ᠢ ᠨᠡᠩ ᠤᠯᠠᠨ ᠪᠤᠢ ᠪᠤᠯᠭᠠᠬᠤ ᠨᠢ ᠬᠡᠷᠡᠭᠯᠡᠭᠡ ᠶᠢᠨ ᠨᠡᠮᠡᠭᠳᠡᠯ ᠢ ᠳᠠᠶᠢᠴᠢᠯᠠᠬᠤ ᠳᠤ ᠠᠰᠢᠭᠲᠠᠢ ᠪᠠᠷ ᠪᠠᠷᠠᠬᠤ ᠦᠭᠡᠢ ᠨᠡᠩ ᠴᠤ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠳᠤ ᠪᠠᠶᠢᠪᠠᠰᠤ ᠵᠣᠬᠢᠬᠤ ᠠᠭᠤᠯᠭ᠎ᠠ ᠪᠤᠯᠬᠤ ᠶᠤᠮ᠃       ᠥᠷᠭᠡᠨ ᠵᠡᠭᠡᠯᠢ ᠨᠠᠷᠢᠨ ᠭᠤᠳᠤᠮᠵᠢ ᠪᠣᠯᠭᠠᠨ ᠳᠤ ᠭᠦᠷ ᠨᠠᠷᠭᠢᠶᠠᠨ ᠢᠶᠠᠷ ᠪᠢᠯᠬᠠᠨ᠎ᠠ᠃ ᠰᠢᠨ᠎ᠡ ᠶᠢᠨ ᠪᠠᠷᠠᠭ᠎ᠠ ᠲᠠᠰᠤᠷᠠᠯᠳᠠ ᠦᠭᠡᠢ ᠬᠤᠪᠢᠷᠠᠵᠤ ᠪᠤᠢ᠂ ᠲᠡᠭᠡᠭᠦ ᠳᠤ ᠰᠢᠨ᠎ᠡ ᠶᠢᠨ ᠪᠠᠷᠠᠭ᠎ᠠ ᠶᠢᠨ ᠵᠠᠬ᠎ᠠ ᠳᠡᠯᠭᠡᠭᠦᠷ ᠤᠨ ᠦᠷᠭᠦᠯᠵᠢᠯᠡᠭᠰᠡᠨ ᠬᠥᠭᠵᠢᠶᠡᠨᠲᠦ ᠪᠠᠶᠢᠳᠠᠯ ᠪᠠ ᠠᠷᠠᠳ ᠲᠦᠮᠡᠨ ᠤ ᠵᠢᠷᠭᠠᠯᠲᠤ ᠠᠮᠢᠳᠤᠷᠠᠯ ᠬᠤᠪᠢᠷᠠᠭ᠎ᠠ ᠦᠭᠡᠢ᠃ ᠬᠥᠭᠵᠢᠶᠡᠨᠲᠦ ᠠᠭᠤᠷ ᠠᠮᠢᠰᠬᠤᠯ ᠪᠠ ᠴᠠᠭ ᠤᠨ ᠤᠷᠤᠰᠬᠠᠯ ᠭᠦᠭ ᠨᠡᠶᠢᠯᠡᠵᠦ᠂ ᠪᠢᠳᠡᠨ ᠤ ᠠᠮᠢᠳᠤᠷᠠᠯ ᠨᠡᠩ ᠥᠭᠡᠳᠡᠯᠡᠵᠦ᠂ ᠠᠷᠠᠳ ᠤᠯᠠᠨ ᠤ ᠠᠮᠢᠳᠤᠷᠠᠯ ᠶᠠᠪᠤᠬᠤ ᠲᠤᠳᠤᠮ ᠰᠠᠶᠢᠵᠢᠷᠠᠭᠰᠠᠭᠠᠷ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ