3 ᠰᠠᠷ᠎ᠠ ᠶᠢᠨ 7 ᠤ ᠡᠳᠦᠷ ᠬᠥᠯᠥᠨ ᠪᠤᠶᠢᠷ ᠬᠤᠲᠠ ᠶᠢᠨ ᠠᠬᠠᠮᠠᠳ ᠺᠠᠳ᠋ᠷᠴᠤᠳ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ | ᠱᠦᠵᠢ ᠰᠢ ᠶᠢᠨ ᠫᠢᠩ ᠤᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠣᠷᠣᠨ ᠤ ᠠᠬᠠᠮᠠᠳ | ᠺᠠᠳ᠋ᠷᠴᠤᠳ ᠤᠨ ᠲᠣᠪᠴᠢᠶᠠᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ | ᠶᠢᠰᠦᠳᠦᠭᠡᠷ ᠪᠦᠬᠦᠳᠡ ᠬᠤᠷᠠᠯ ᠪᠣᠯᠤᠨ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠡᠭᠦᠷᠭᠡ ᠪᠠᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠠᠬᠠᠮᠠᠳ ᠺᠠᠳ᠋ᠷᠴᠤᠳ ᠤᠨ ᠲᠣᠪᠴᠢᠶᠠᠨ ᠤ ᠳᠠᠷᠤᠭ᠎ᠠ ᠶᠠᠨ ᠢ ᠱᠧᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | | | ᠬᠤᠷᠠᠯ ᠠᠴᠠ᠂ ᠬᠦᠴᠦᠨ ᠢᠶᠠᠨ ᠲᠥᠪᠯᠡᠷᠡᠭᠦᠯᠦᠨ ᠦᠵᠡᠯ ᠰᠠᠨᠠᠭ᠎ᠠ ᠶᠢ ᠰᠤᠷᠤᠯᠴᠠᠨ ᠦᠵᠡᠯ ᠰᠠᠨᠠᠭ᠎ᠠ ᠶᠢ ᠬᠡᠷᠡᠭᠯᠡᠵᠦ᠂ ᠠᠵᠢᠯ ᠠᠴᠠ ᠪᠠᠨ ᠠᠮᠠᠷᠠᠭᠰᠠᠨ ᠪᠠ | ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠢ ᠬᠥᠲᠥᠯᠥᠨ ᠳᠠᠭᠠᠭᠤᠯᠵᠤ ︽ᠬᠤᠶᠠᠷ ᠢ ᠲᠤᠭᠲᠠᠭᠠᠭᠠᠰᠠᠨ︾ ᠢ ᠡᠷᠡᠰ ᠬᠦᠷᠢᠶᠡᠯᠡᠵᠦ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠬᠦ ᠬᠡᠷᠡᠭᠲᠡᠶ︔ ᠬᠦᠴᠦ ᠪᠠᠨ ᠲᠥᠪᠯᠡᠷᠡᠭᠦᠯᠦᠨ ︽ᠬᠤᠶᠠᠷ ᠴᠢᠳᠠᠮᠵᠢ︾ ᠶᠢ ᠴᠢᠩᠭᠠᠳᠬᠠᠵᠤ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ | ᠳᠠᠷᠬᠠᠯᠠᠭᠳᠠᠭᠰᠠᠨ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ︔ ᠬᠦᠴᠦᠨ ᠢᠶᠠᠨ ᠲᠥᠪᠯᠡᠷᠡᠭᠦᠯᠦᠨ ᠲᠥᠪ ᠤᠨ ᠶᠡᠭᠡ ᠲᠠᠯ᠎ᠠ ᠳᠤ ᠦᠢᠯᠡᠴᠢᠯᠡᠵᠦ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ | ᠳᠠᠷᠬᠠᠯᠠᠭᠳᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠤᠨ ︽ᠰᠠᠶᠢᠨ ᠬᠤᠪᠢ ᠨᠡᠮᠡᠷᠢ ᠦᠵᠡᠭᠦᠯᠬᠦ︾ ᠬᠡᠷᠡᠭᠲᠡᠢ︔ ᠬᠦᠴᠦᠨ ᠢᠶᠠᠨ ᠲᠥᠪᠯᠡᠷᠡᠭᠦᠯᠦᠨ ᠦᠨᠡᠨ | ᠰᠡᠳᠬᠢᠯ ᠠᠴᠠ ᠪᠠᠨ ᠬᠠᠯᠠᠮᠵᠢᠯᠠᠨ ᠬᠠᠶᠢᠷᠠᠯᠠᠵᠤ᠂ ᠠᠬᠠᠮᠠᠳ ᠨᠥᠬᠦᠳ ᠲᠤ ᠰᠠᠶᠢᠨ ᠶᠠᠪᠤᠳᠠᠯ ᠬᠢᠵᠦ ᠥᠭᠬᠦ ᠬᠡᠷᠡᠭᠲᠡᠢ︔ ᠬᠦᠴᠦᠨ ᠢᠶᠠᠨ ᠲᠥᠪᠯᠡᠷᠡᠭᠦᠯᠦᠨ ᠣᠶᠤᠨ | ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠰᠤᠷᠤᠯᠴᠠᠬᠤ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ | ᠵᠢᠱᠢᠶᠡᠴᠢ ᠬᠠᠲᠠᠭᠤ ᠴᠢᠩᠭ᠎ᠠ ᠬᠠᠷᠠᠯᠲᠠ ᠳᠤ ᠬᠦᠴᠦ ᠪᠠᠨ ᠲᠥᠪᠯᠡᠷᠡᠭᠦᠯᠵᠦ᠂ ᠠᠬᠠᠮᠠᠳ ᠺᠠᠳ᠋ᠷᠴᠤᠳ ᠤᠨ ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ | ᠬᠡᠷᠡᠭᠲᠡᠶ ᠭᠡᠵᠦ ᠱᠠᠭᠠᠷᠳᠠᠪᠠ᠃ | ᠬᠤᠷᠠᠯ ᠳᠡᠭᠡᠷ᠎ᠡ᠂ 3 ᠭᠠᠵᠠᠷ ᠣᠷᠣᠨ ᠪᠣᠯᠤᠨ ᠨᠢᠭᠡᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ |