3 ᠰᠠᠷ᠎ᠠ ᠶᠢᠨ 11 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠡᠲᠡᠭᠡᠳ ᠢᠯᠭᠠᠯ ᠤᠨ ᠠᠵᠢᠯ ᠢ ᠳᠡᠭᠡᠭᠰᠢᠯᠡᠭᠦᠯᠬᠦ ᠣᠨ︾ ᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠯᠢᠦᠶ ᠬᠦᠶ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ︽︿ᠡᠲᠡᠭᠡᠳ ᠢᠯᠭᠠᠯ ᠤᠨ ᠠᠵᠢᠯ ᠢ ᠳᠡᠭᠡᠭᠰᠢᠯᠡᠭᠦᠯᠬᠦ | ᠣᠨ﹀ ᠢ ᠥᠷᠨᠢᠭᠦᠯᠬᠦ ᠲᠤᠬᠠᠶ ᠠᠵᠢᠯ ᠤᠨ ᠲᠥᠰᠦᠯ︾ ᠤᠨ ᠲᠤᠬᠠᠶ ᠲᠣᠳᠣᠷᠬᠠᠶᠢᠯᠠᠯᠲᠠ ᠬᠢᠪᠠ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ | ᠵᠥᠪᠯᠡᠯᠭᠡᠨ ᠤ ᠡᠲᠡᠭᠡᠳ ᠢᠯᠭᠠᠯ ᠤᠨ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ︔ ᠬᠠᠷᠠᠯᠲᠠ | ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠲᠠᠪᠴᠠᠩ ᠤᠨ ᠠᠴᠢᠶᠠᠯᠠᠪᠤᠷᠢ ᠶᠢ ᠲᠡᠭᠦᠯᠳᠡᠷᠵᠢᠭᠦᠯᠵᠦ᠂ | ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠡᠲᠡᠭᠡᠳ ᠢᠯᠭᠠᠯ ᠤᠨ ᠠᠵᠢᠯ ᠢ ᠠᠮᠢᠳᠤᠯᠢᠭᠵᠢᠭᠤᠯᠵᠤ᠂ ᠭᠠᠷᠳᠠᠴᠠ ᠲᠠᠢ᠂ ᠨᠡᠩ ᠵᠢᠷᠤᠮᠵᠢᠯ ᠲᠠᠢ ᠪᠣᠯᠭᠠᠬᠤ | ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠷ᠎ᠡ | ᠪᠦᠲᠦᠭᠡᠯ ᠢ ᠬᠤᠪᠢᠷᠠᠭᠤᠯᠬᠤ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠳᠡᠭᠡᠳᠦ ᠲᠤᠤᠷᠠᠳᠤ ᠱᠠᠳᠤ ᠪᠠᠷ ᠢᠶᠠᠨ | ᠰᠡᠳᠬᠢᠯ ᠨᠢᠭᠡᠳᠴᠦ᠂ ᠬᠠᠮᠵᠢᠯᠴᠠᠨ ᠠᠬᠢᠭᠤᠯᠵᠤ᠂ ︽ᠡᠲᠡᠭᠡᠳ ᠢᠯᠭᠠᠯ ᠤᠨ ᠠᠵᠢᠯ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠲᠡᠭᠦᠰᠦᠭᠰᠡᠨ ᠤ ᠳᠠᠷᠠᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠠᠷᠢᠭᠤᠴᠠᠯᠭᠠᠲᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠡᠯ᠎ᠡ ᠲᠤᠰᠬᠠᠶ ᠵᠥᠪᠯᠡᠯ ᠤᠨ ᠡᠷᠬᠢᠯᠡᠭᠴᠢ ᠣᠷᠴᠢᠨ ᠠᠬᠤᠶ ᠡᠬᠢ ᠪᠠᠶᠠᠯᠢᠭ ᠤᠨ ᠡᠲᠡᠭᠡᠳ ᠢᠯᠭᠠᠯ ᠤᠨ ᠭᠡᠰᠢᠭᠦᠳ ᠤᠨ ᠠᠵᠢᠯᠯᠠᠬᠤ ᠲᠠᠰᠤᠭ ᠲᠤ ᠲᠣᠭᠤᠷᠢᠨ ᠦᠵᠡᠵᠦ | ᠶᠠᠷᠢᠯᠴᠠᠪᠠ᠃ | |