ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 3 ᠳ᠋ᠤᠭᠠᠷ ᠤᠳᠠᠭ᠎ᠠ ᠶᠢᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ 3 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/12
       3 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 3 ᠳ᠋ᠤᠭᠠᠷ ᠤᠳᠠᠭ᠎ᠠ ᠶᠢᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ 3 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠠᠩᠬᠠᠳᠤᠭᠠᠷ ᠤᠳᠠᠭᠠᠨ  ᠤ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠳᠤ ᠬᠤᠯᠪᠣᠭᠳᠠᠭᠰᠠᠨ ᠡᠳᠦᠷ ᠲᠤᠲᠤᠮ ᠤᠨ ᠬᠢᠨᠠᠯᠲᠠ ᠲᠠᠯᠪᠢᠭᠰᠠᠨ᠂ ᠬᠢᠨᠠᠨ ᠪᠠᠶᠢᠴᠠᠭᠠᠭᠰᠠᠨ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠬᠠᠮᠲᠤᠪᠠᠷ ᠰᠡᠷᠭᠡᠶᠢᠯᠡᠬᠦ᠂ ᠠᠮᠤᠷ ᠲᠦᠪᠰᠢᠨ ᠢ ᠬᠠᠮᠲᠤᠪᠠᠷ ᠡᠭᠦᠳᠬᠦ᠂ ᠴᠡᠭᠴᠡᠯᠡᠨ ᠵᠠᠰᠠᠯᠲᠠ ᠶᠢ ᠬᠠᠮᠲᠤᠪᠠᠷ ᠶᠠᠪᠤᠭᠳᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠢ ᠶᠢᠨ ᠨᠡᠮᠡᠭᠳᠡᠯ᠂ ᠠᠵᠤ ᠦᠢᠯᠡᠰ ᠤᠨ ᠬᠥᠭᠵᠢᠯᠲᠡ᠂ ᠥᠭᠡᠷᠡᠴᠢᠯᠡᠯᠲᠡ ᠨᠡᠭᠡᠭᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠤᠷ ᠲᠦᠪᠰᠢᠨ ᠡᠩᠬᠡ ᠲᠣᠭᠲᠠᠭᠤᠨ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠣᠳᠠᠲᠠᠢ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠡᠬᠡ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠭᠰᠠᠨ ᠬᠤᠭᠤᠴᠠᠭᠠᠨ ᠳᠤ ᠥᠨᠳᠥᠷ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠰᠠᠬᠢᠯᠭ᠎ᠠ ᠪᠠᠲᠤ ᠪᠠᠨ ᠴᠢᠩᠳᠠᠯᠠᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠲᠣᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠤ ᠬᠢᠨᠠᠨ ᠵᠥᠪᠯᠡᠪᠡ᠃      
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ