3 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠠᠷᠤᠬᠠᠰᠢᠶᠠᠲᠤ ᠪᠠᠯᠭᠠᠰᠤᠨ ᠳᠤ | ᠭᠦᠨᠵᠡᠭᠡᠶᠢᠷᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠣᠳᠣᠬᠢᠴᠢᠯᠠᠭᠰᠠᠨ ᠮᠠᠯᠵᠢᠬᠤ ᠣᠷᠣᠨ ᠢ ᠪᠦᠲᠦᠭᠡᠨ | ᠪᠠᠶᠢᠭᠤᠯᠬᠤ᠂ ᠲᠥᠯ ᠲᠤᠰᠴᠤ ᠪᠣᠶᠢᠵᠢᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | | | ᠴᠠᠩ ᠴᠢᠩ ᠠᠷᠤᠬᠠᠰᠢᠶᠠᠲᠤ ᠪᠠᠯᠭᠠᠰᠤ ᠶᠢᠨ ᠪᠦᠯᠬᠦᠮᠳᠡᠯ ᠭᠠᠴᠠᠭᠠᠨ ᠤ ᠮᠠᠯᠴᠢᠨ ᠪᠠᠶᠠᠨᠵᠢᠷᠭᠠᠯ ᠪᠣᠯᠣᠨ ᠳᠡᠯᠭᠡᠷ ᠤᠨ ᠭᠡᠷ ᠲᠤ ᠬᠦᠷᠴᠦ᠂ ᠮᠠᠯᠵᠢᠬᠤ | ᠡᠷᠦᠬᠡ ᠶᠢᠨ ᠦᠢᠯᠡᠳᠪᠦᠷᠢᠯᠡᠯ ᠠᠮᠢᠳᠤᠷᠠᠯ᠂ ᠲᠡᠵᠢᠭᠡᠨ ᠦᠷᠡᠵᠢᠭᠦᠯᠬᠦ ᠬᠡᠪᠴᠢᠶ᠎ᠡ ᠪᠠ ᠲᠥᠯ ᠮᠠᠯ ᠤᠨ ᠪᠠᠶᠢᠳᠠᠯ ᠵᠡᠷᠭᠡ ᠶᠢ ᠨᠠᠷᠢᠯᠢᠭ ᠠᠰᠠᠭᠤᠨ ᠣᠶᠢᠯᠠᠭᠠᠵᠤ᠂ | ᠲᠡᠳᠡᠨ ᠤ ᠪᠤᠳᠤᠯ ᠰᠠᠨᠠᠭ᠎ᠠ ᠪᠠ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠯᠠᠪᠯᠠᠪᠠ᠃ ᠲᠡᠷᠡ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ | ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠪᠣᠯ | ᠮᠠᠯᠵᠢᠬᠤ ᠣᠷᠣᠨ ᠤ ᠠᠵᠢᠯ ᠢ ᠰᠠᠶᠢᠲᠤᠷ ᠬᠢᠬᠦ ᠶᠢᠨ ᠭᠤᠣᠯᠳᠠᠯᠭ᠎ᠠ ᠪᠣᠯᠣᠨ᠎ᠠ᠃ ᠣᠶᠤᠨᠴᠢ ᠮᠠᠯᠵᠢᠯ ᠤᠨ ᠲᠠᠯᠠᠪᠠᠶ ᠶᠢᠨ ᠣᠳᠣᠬᠢᠴᠢᠯᠠᠭᠰᠠᠨ ᠮᠡᠳᠡᠭᠡ ᠵᠠᠩᠭᠢ ᠶᠢᠨ | ᠮᠡᠷᠭᠡᠵᠢᠯ ᠢ ᠭᠦᠢᠴᠡᠳ ᠠᠰᠢᠭᠯᠠᠨ᠂ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢ ᠣᠶᠤᠨᠴᠢᠯᠠᠬᠤ᠂ ᠨᠠᠷᠢᠯᠢᠭᠵᠢᠭᠤᠯᠬᠤ ᠶᠢ ᠪᠡᠶᠡᠯᠡᠭᠦᠯᠵᠦ᠂ ᠲᠡᠵᠢᠭᠡᠨ ᠦᠷᠡᠵᠢᠭᠦᠯᠬᠦ | ᠡᠷᠦᠬᠡ ᠶᠢᠨ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠦᠢᠯᠡᠳᠬᠦᠨ ᠤ | ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ | ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠬᠦᠴᠦᠯᠡᠨ | ᠴᠢᠷᠮᠠᠶᠢᠵᠤ᠂ ᠥᠭᠡᠷᠡᠴᠢᠯᠡᠯᠲᠡ ᠶᠢᠨ ᠠᠷᠭ᠎ᠠ ᠪᠠᠷ ᠪᠣᠭᠤᠮᠢ ᠬᠢᠵᠠᠭᠠᠷᠯᠠᠯ ᠢ ᠳᠡᠶᠢᠯᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠷᠪᠠᠨ ᠲᠠᠯ᠎ᠠ ᠪᠠᠷ ︽ᠭᠤᠷᠪᠠᠨ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠬᠦ︾ | ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠪᠥᠬᠦ ᠬᠤᠰᠢᠭᠤᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢ ᠲᠦᠯᠬᠢᠨ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | | | ᠴᠠᠩ ᠴᠢᠩ᠂ ᠣᠳᠣᠬᠠᠨ ᠳᠤ ᠶᠠᠭ ᠮᠠᠨ ᠤ ᠬᠤᠰᠢᠭᠤᠨ ᠤ ᠲᠥᠯ ᠲᠤᠰᠴᠤ ᠪᠣᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠨᠡ ᠬᠦ ᠠᠵᠢᠯ ᠨᠢ | ᠮᠠᠯᠴᠢᠳ ᠤᠨ ᠨᠢᠭᠡ ᠵᠢᠯ ᠤᠨ ᠬᠤᠷᠢᠶᠠᠯᠲᠠ ᠶᠢ ᠰᠢᠭᠤᠳ ᠲᠣᠭᠲᠠᠭᠠᠬᠤ ᠢᠶᠠᠷ ᠪᠠᠷᠠᠬᠤ ᠦᠭᠡᠢ᠂ ᠨᠠᠩ ᠴᠤ ᠪᠥᠬᠦ ᠬᠤᠰᠢᠭᠤᠨ ᠤ ᠮᠠᠯ ᠠᠵᠤ ᠠᠬᠤᠢ ᠶᠢᠨ | ᠲᠣᠭᠲᠠᠭᠤᠨ ᠢᠶᠠᠷ ᠬᠥᠭᠵᠢᠵᠦ ᠴᠢᠳᠠᠬᠤ ᠡᠰᠡᠬᠦ ᠲᠠᠢ ᠬᠤᠯᠪᠣᠭᠳᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠪᠬᠢᠲᠡᠢ ᠠᠵᠢᠯᠯᠠᠵᠤ᠂ ᠠᠯᠢ ᠣᠯᠠᠨ | ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠲᠥᠷᠥᠯ ᠵᠦᠢᠯ ᠤᠨ ᠠᠬᠢᠭᠤᠯᠤᠯᠲᠠ ᠪᠠᠷ ᠳᠡᠮᠵᠢᠨ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠪᠡᠰᠦ ᠪᠣᠷᠳᠤᠭ᠎ᠠ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠰᠢᠭᠤᠨ ᠤ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ |