3 ᠰᠠᠷ᠎ᠠ ᠶᠢᠨ 10 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦ ᠰᠢᠶᠣᠣ ᠬᠤᠶ ᠬᠠᠤᠯᠢ ᠴᠠᠭᠠᠵᠠ ᠶᠢᠨ ᠲᠣᠪᠴᠢᠶ᠎ᠠ ᠳᠤ ᠬᠦᠷᠴᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ | ᠬᠢᠨᠠᠨ ᠵᠢᠯᠣᠭᠤᠳᠪᠠ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠪᠠᠭ ᠵᠢᠴᠢ ᠡᠯ᠎ᠡ ᠲᠠᠰᠤᠭ᠂ ᠬᠠᠤᠯᠢ ᠴᠠᠭᠠᠵᠠ ᠶᠢᠨ ᠭᠠᠵᠠᠷ᠂ | ᠠᠯᠪᠠᠨ ᠭᠡᠷᠡᠴᠢᠯᠡᠭᠡ ᠶᠢᠨ ᠭᠠᠵᠠᠷ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | | | ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ | ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢᠦ ᠰᠢᠶᠣᠣ ᠬᠤᠶ ᠪᠥᠬᠦ | ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | | | ᠯᠢᠦ ᠰᠢᠶᠣᠣ ᠬᠤᠶ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠢᠨ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢᠶᠠᠷ ᠪᠠᠶᠢᠴᠠᠭᠠᠨ ᠦᠵᠡᠬᠦ ᠳᠠᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ | ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ | ᠬᠡᠷᠡᠭᠲᠡᠢ᠃ ᠨᠢᠭᠡ ᠳᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠪᠤᠷᠢ ᠶᠢ ᠰᠠᠶᠢᠲᠤᠷ ᠪᠠᠳᠠᠷᠠᠭᠤᠯᠵᠤ᠂ | ᠬᠢᠨᠠᠨ ᠪᠠᠶᠢᠴᠠᠭᠠᠬᠤ᠂ ᠬᠢᠨᠠᠨ ᠰᠢᠯᠭᠠᠬᠤ᠂ ᠬᠠᠤᠯᠢ ᠶᠢᠨ ᠲᠣᠭᠠᠴᠢᠯᠲᠠ ᠬᠢᠬᠦ ᠵᠡᠷᠭᠡ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠨᠠᠩ ᠶᠡᠭᠡ ᠡᠷᠴᠢᠮ ᠢᠶᠠᠷ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠬᠤ ᠬᠡᠷᠡᠭᠲᠡᠢ᠃ ᠬᠠᠤᠯᠢᠵᠢᠯ ᠤᠨ | ᠡᠵᠡᠩᠨᠡᠯᠲᠡ ᠶᠢᠨ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠠᠵᠤ ᠠᠬᠤᠶᠢᠯᠠᠯ ᠳᠤ | ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠪᠦᠬᠦ ᠲᠠᠯ᠎ᠠ ᠶᠢᠨ ᠬᠠᠤᠯᠢᠵᠢᠯ ᠤᠨ ᠪᠠᠲᠤᠯᠠᠭ᠎ᠠ | ᠬᠠᠩᠭᠠᠬᠤ ᠬᠡᠷᠡᠭᠲᠡᠢ᠃ ᠬᠤᠶᠠᠷ ᠲᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠬᠢᠯᠠᠰ ᠴᠡᠭᠲᠦ ᠣᠨᠴᠠᠯᠢᠭ ᠢ ᠡᠭᠦᠳᠬᠦ ᠬᠡᠷᠡᠭᠲᠡᠢ᠃ ᠭᠤᠷᠪᠠ ᠳᠤ ︽ᠨᠢᠭᠡ ᠯᠡ | ᠥᠷᠲᠡᠭᠡᠨ ᠤ ᠬᠡᠯᠪᠡᠷᠢ︾ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ | ᠵᠥᠷᠢᠴᠡᠯ ᠵᠢᠭᠤᠷᠠᠯᠳᠤᠭᠠᠨ ᠢ ᠪᠦᠬᠦ ᠬᠡᠯᠬᠢᠶ᠎ᠡ ᠪᠠᠷ ᠠᠷᠢᠯᠭᠠᠬᠤ ᠬᠡᠷᠡᠭᠲᠡᠢ᠃ ᠵᠠᠰᠠᠭ ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ | ᠰᠢᠢᠳᠪᠦᠷᠢᠯᠡᠬᠦ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ | ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠬᠤ᠂ ᠬᠤᠶᠠᠷ ᠲᠦᠷᠦᠯ ᠤᠨ ᠬᠥᠮᠥᠰ ᠢ ᠳᠥᠪᠬᠢᠨᠡᠭᠦᠯᠦᠨ ᠬᠠᠪᠰᠤᠷᠬᠤ ᠬᠢᠨᠠᠯᠲᠠ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠳᠥᠷᠪᠡ ᠳᠤ | ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠠᠷ ᠣᠷᠣᠨ ᠤ | ᠣᠨᠴᠠᠯᠢᠭ ᠪᠠ ᠤᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠤᠨ᠂ ᠨᠡᠩ ᠥᠪᠡᠷᠮᠢᠴᠡ ᠣᠨᠴᠠᠯᠢᠭ ᠪᠦᠬᠦᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠨᠡᠷᠡᠳᠤ | ᠲᠡᠮᠳᠡᠭ ᠢ ᠪᠤᠢ ᠪᠣᠯᠭᠠᠬᠤ ᠬᠡᠷᠡᠭᠲᠡᠢ᠃ ᠲᠠᠪᠤ ᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠩᠨᠡᠭᠡᠨ ᠤ ᠳᠠᠯᠳᠠ | ᠬᠦᠴᠦᠨ ᠢ ᠭᠦᠢᠴᠡᠳ ᠬᠥᠭᠵᠢᠭᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠡᠮᠦᠷ ᠵᠠᠮ ᠤᠨ ᠴᠡᠷᠢᠭ ᠢ ᠪᠠᠶᠢᠭᠤᠯᠬᠤ ᠬᠡᠷᠡᠭᠲᠡᠢ᠃ | | | ᠲᠠᠷᠠᠭᠠᠴᠢ ᠶᠢᠨ ᠠᠯᠬᠤᠮ ᠳᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠢᠨ ᠬᠤᠰᠢᠭᠤᠨ ᠤ ᠤᠳᠤᠷᠢᠳᠤᠯᠭ᠎ᠠ ᠶᠢᠨ | ᠲᠣᠰ ᠤᠳᠠᠭᠠᠨ ᠤ ᠬᠢᠨᠠᠨ ᠵᠢᠯᠤᠭᠤᠳᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ |