ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 129 ᠳ᠋ᠦ᠋ᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/12
       3 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 129 ᠳ᠋ᠦ᠋ᠭᠡᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠠᠮᠤᠷᠪᠠᠲᠤ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠠᠳᠠᠨ᠎ᠠ  ᠶᠢᠨ ᠮᠠᠯ ᠤᠨᠤᠭ᠎ᠠ ᠬᠢᠯᠢ ᠳᠤ ᠣᠷᠣᠵᠤ ᠪᠡᠯᠴᠢᠭᠡᠷᠯᠡᠬᠦ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠠᠵᠢᠯ ᠤᠨ ᠬᠠᠷᠢᠭᠤ ᠮᠡᠳᠡᠭᠦᠯᠦᠯᠲᠡ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠰᠢᠨ᠎ᠡ ᠪᠠᠷᠭᠤ ᠵᠡᠭᠦᠨ ᠬᠤᠰᠢᠭᠤᠨ ᠤ ᠭᠠᠳᠠᠨ᠎ᠠ ᠠᠴᠠ ᠢᠷᠡᠭᠰᠡᠨ ᠮᠠᠯ ᠢ ᠬᠠᠮᠢᠶᠠᠷᠤᠨ ᠡᠵᠡᠮᠳᠡᠬᠦ ᠠᠵᠢᠯ ᠤᠨ ᠲᠥᠰᠥᠯ ︵ᠬᠢᠨᠠᠨ ᠵᠥᠪᠯᠡᠬᠦ ᠨᠣᠣᠷᠠᠭ︶︾ ᠢ ᠬᠢᠨᠠᠨ ᠵᠥᠪᠯᠡᠵᠦ ᠪᠠᠲᠤᠯᠠᠭᠠᠳ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠱᠠᠭᠠᠷᠳᠠᠭᠰᠠᠨ ᠨᠢ᠂ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠪᠣᠳᠠᠲᠤ ᠪᠠᠶᠢᠳᠠᠯ ᠢ ᠲᠣᠭᠲᠠᠭᠠᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠨ ᠲᠣᠬᠢᠷᠠᠭᠤᠯᠤᠯᠲᠠ ᠬᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠨᠠᠩ ᠣᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠲᠦᠯᠬᠢᠨ ᠠᠬᠢᠭᠤᠯᠤᠨ᠎ᠠ᠃       ᠬᠤᠷᠠᠯ ᠠᠴᠠ ᠴᠢᠬᠤᠯᠠᠴᠢᠯᠠᠭᠰᠠᠨ ᠨᠢ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ  ᠢ ᠰᠢᠢᠳᠪᠦᠷᠢᠯᠡᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠪᠠᠶᠢᠴᠠᠭᠠᠬᠤ ᠥᠷᠲᠡᠭᠡ ᠪᠠᠶᠢᠭᠤᠯᠬᠤ ᠶᠢ ᠴᠢᠩᠭᠠᠳᠬᠠᠵᠤ᠂ ᠪᠠᠶᠢᠴᠠᠭᠠᠬᠤ ᠥᠷᠲᠡᠭᠡ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠷᠢᠯᠴᠠᠬᠤ ᠠᠷᠭ᠎ᠠ ᠮᠠᠶ᠋ᠢᠭ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠦᠨᠡᠮᠯᠡᠯ ᠲᠠᠢ ᠪᠠᠷ ᠨᠤᠲᠤᠭ ᠲᠠᠭᠠᠨ ᠪᠤᠴᠠᠬᠤ ᠵᠡᠷᠭᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠲᠤᠰᠬᠠᠢ ᠠᠩᠭᠢ ᠶᠢ ᠪᠦᠷᠢᠯᠳᠦᠭᠦᠯᠵᠦ᠂ ᠠᠵᠢᠯ ᠤᠨ ᠬᠠᠮᠵᠢᠯᠴᠠᠭᠠᠨ ᠤ ᠲᠣᠭᠲᠠᠴᠠ ᠶᠢ ᠴᠢᠩᠭᠠᠳᠬᠠᠵᠤ᠂ ᠲᠤᠰᠬᠠᠢ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠬᠢᠨᠠᠯᠲᠠ ᠲᠠᠯᠪᠢᠬᠤ ᠨᠢᠭᠡᠳᠦᠭᠡᠷ ᠡᠭᠦᠷᠭᠡ ᠬᠠᠷᠢᠭᠤᠴᠠᠯᠭ᠎ᠠ ᠶᠢ ᠪᠠᠲᠤ ᠰᠠᠬᠢᠬᠤ ᠬᠡᠷᠡᠭᠲᠡᠢ᠃ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠭᠠᠳᠠᠨ᠎ᠠ  ᠶᠢᠨ ᠮᠠᠯ ᠢ ᠳᠤᠷ᠎ᠠ ᠪᠠᠷ ᠢᠶᠠᠨ ᠣᠷᠣᠭᠤᠯᠤᠨ ᠠᠪᠴᠢᠷᠠᠬᠤ ᠠᠰᠠᠭᠤᠳᠠᠯ ᠢ ᠢᠯᠡᠷᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠦᠲᠦᠮᠵᠢᠲᠡᠶ ᠰᠦᠷᠳᠡᠭᠦᠯᠬᠦ ᠦᠢᠯᠡᠳᠦᠯ ᠢ ᠪᠣᠶ ᠪᠣᠯᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠮᠠᠯᠴᠢᠨ ᠲᠦᠮᠡᠨ ᠢ ᠥᠷᠭᠡᠨ ᠢᠶᠠᠷ ᠳᠠᠶᠢᠴᠢᠯᠠᠨ ᠭᠠᠳᠠᠨ᠎ᠠ ᠶᠢᠨ ᠮᠠᠯ ᠢ ᠣᠷᠣᠭᠤᠯᠤᠨ ᠠᠪᠴᠢᠷᠠᠵᠤ ᠮᠠᠯᠯᠠᠬᠤ᠂ ᠨᠤᠲᠤᠭ ᠪᠡᠯᠴᠢᠭᠡᠷ ᠤᠨ ᠳᠠᠭᠠᠭᠠᠴᠠ  ᠠᠴᠠ ᠬᠡᠲᠦᠷᠡᠭᠦᠯᠦᠨ ᠮᠠᠯ ᠮᠠᠯᠵᠢᠬᠤ᠂ ᠬᠤᠯᠠᠭᠠᠶᠢᠯᠠᠨ ᠮᠠᠯᠵᠢᠵᠤ ᠳᠤᠷ᠎ᠠ ᠪᠠᠷ ᠢᠶᠠᠨ ᠮᠠᠯᠵᠢᠬᠤ ᠵᠡᠷᠭᠡ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠳᠤ ᠣᠷᠣᠯᠴᠠᠭᠤᠯᠬᠤ ᠬᠡᠷᠡᠭᠲᠡᠢ᠃ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠦᠯ ᠢ ᠪᠠᠳᠠᠷᠠᠭᠤᠯᠵᠤ᠂ ᠬᠥᠮᠥᠨ ᠢ ᠲᠦᠰᠢᠭᠯᠡᠬᠦ᠂ ᠬᠤᠷᠢᠭᠯᠠᠬᠤ ᠳᠤ ᠲᠦᠰᠢᠭᠯᠡᠬᠦ ᠵᠡᠷᠭᠡ ᠤᠯᠠᠮᠵᠢᠯᠠᠯᠲᠤ ᠠᠵᠢᠯ ᠤᠨ ᠪᠠᠶᠢᠳᠠᠯ ᠢ ᠬᠤᠪᠢᠷᠠᠭᠤᠯᠵᠤ᠂ ᠵᠢᠯᠣᠭᠤᠴᠢ ᠦᠭᠡᠢ ᠨᠢᠰᠬᠡᠯ ᠵᠡᠷᠭᠡ ᠰᠢᠨ᠎ᠡ ᠰᠢᠨᠵᠢᠯᠡᠭᠡ ᠮᠡᠷᠭᠡᠵᠢᠯ ᠢᠶᠠᠷ ᠨᠤᠲᠤᠭ ᠪᠡᠯᠴᠢᠭᠡᠷ ᠢ ᠰᠠᠬᠢᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠠᠶᠢᠴᠠᠭᠠᠬᠤ ᠥᠷᠲᠡᠭᠡ ᠶᠢᠨ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠤᠨ ᠡᠳ᠋ ᠪᠣᠳᠠᠰ᠂ ᠶᠠᠪᠤᠵᠤ ᠰᠠᠭᠤᠬᠤ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠥᠨᠳᠥᠷ ᠪᠦᠲᠦᠮᠵᠢᠲᠡᠶ ᠠᠵᠢᠯᠯᠠᠭᠠᠨ ᠲᠠᠢ ᠵᠢᠵᠢᠭᠦᠷᠯᠡᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ᠂ ᠬᠥᠯᠥᠨ ᠪᠤᠶᠢᠷ ᠤᠨ︽ᠡᠮᠦᠨ᠎ᠡ ᠶᠡᠭᠡ ᠡᠭᠦᠳᠡ︾ ᠶᠢ ᠰᠠᠶᠢᠲᠤᠷ ᠰᠠᠬᠢᠬᠤ ᠴᠢᠬᠤᠯᠠ ᠡᠭᠦᠷᠭᠡ ᠶᠢ ᠦᠨᠡᠨᠬᠦ ᠳᠠᠭᠠᠭᠠᠵᠤ ᠠᠪᠬᠤ ᠬᠡᠷᠡᠭᠲᠡᠢ᠃    
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ