ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠂ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ | ᠰᠢᠰᠲ᠋ᠧᠮ ᠲᠠᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠮᠠᠯ ᠠᠵᠤ ᠠᠬᠤᠢ ᠶᠢᠨ | ᠦᠷᠬᠦᠯᠵᠢᠯᠡᠬᠦᠶᠢᠴᠡ ᠬᠦᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ 3 ᠰᠠᠷ᠎ᠠ ᠶᠢᠨ 8 ᠤ ᠡᠳᠦᠷ᠂ ᠬᠡᠷᠦᠯᠦᠨ ᠰᠤᠮᠤ ᠤᠯᠠᠮᠵᠢᠯᠠᠯᠲᠤ ᠮᠠᠯ ᠠᠵᠤ ᠠᠬᠤᠶ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ᠃ ᠰᠤᠮᠤᠨ ᠤ ᠤᠳᠤᠷᠢᠳᠬᠤ ᠪᠠᠭ ᠤᠨ ᠪᠦᠷᠢᠯᠳᠦᠬᠦᠨ᠂ | ᠪᠦᠬᠦ ᠺᠠᠳ᠋ᠷ ᠠᠵᠢᠯᠲᠠᠳ᠂ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠢᠴᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ | ᠵᠥᠪᠯᠡᠯ ᠤᠨ ᠪᠦᠷᠢᠯᠳᠦᠬᠦᠨ ᠨᠠᠷ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠳ᠋ᠦ᠋ ᠹᠦ᠋ ᠯᠢᠨ ᠢ ᠣᠨᠴᠠᠭᠠᠶᠢᠯᠠᠨ ᠤᠷᠢᠵᠤ ᠬᠢᠴᠢᠶᠡᠯ ᠣᠷᠤᠭᠤᠯᠪᠠ᠃ ᠳ᠋ᠦ᠋ ᠫᠷᠤᠹᠧᠰᠰᠤᠷ ᠮᠠᠯ ᠠᠵᠤ | ᠠᠬᠤᠶ ᠶᠢᠨ ᠬᠡᠯᠪᠡᠷᠢ ᠶᠢ ᠬᠤᠪᠢᠷᠠᠭᠤᠯᠬᠤ ᠣᠨᠣᠯ ᠤᠨ ᠯᠣᠭᠢᠭ᠂ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠠᠭᠪᠤᠷ᠂ ᠪᠡᠶᠡᠯᠡᠭᠦᠯᠬᠦ | ᠠᠷᠭ᠎ᠠ ᠵᠠᠮ ᠵᠡᠷᠭᠡ ᠠᠭᠤᠯᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ ᠲᠠᠶᠢᠯᠪᠤᠷᠢᠯᠠᠵᠤ᠂ ᠣᠨᠣᠯ ᠪᠠ ᠦᠢᠯᠡᠳᠦᠯᠭᠡ ᠶᠢᠨ ᠲᠠᠯ᠎ᠠ ᠠᠴᠠ ᠪᠣᠯᠪᠠᠰᠤᠷᠠᠯ ᠳᠤ | ᠣᠷᠣᠯᠴᠠᠭᠰᠠᠨ ᠦᠨᠳᠦᠰᠦᠨ ᠱᠠᠲᠤᠨ ᠤ ᠭᠤᠤᠯᠯᠠᠭᠴᠢ ᠬᠥᠮᠦᠰ ᠢ ᠬᠠᠪᠰᠤᠷᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ | ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠪᠣᠯᠪᠠᠰᠤᠷᠠᠯ ᠤᠨ ᠠᠭᠤᠯᠭ᠎ᠠ ᠨᠢ ᠮᠠᠰᠢ ᠶᠡᠭᠡ ᠦᠨ᠎ᠡ ᠦᠷᠲᠡᠭ ᠲᠠᠢ ᠪᠠᠶᠢᠵᠤ᠂ ᠲᠤᠬᠠᠢ ᠶᠢᠨ ᠲᠠᠯᠠᠪᠠᠢ ᠳᠤ | ᠪᠠᠶᠢᠭᠰᠠᠨ ᠬᠥᠮᠦᠰ ᠨᠢᠵᠢᠭᠢᠨᠡᠲᠡᠯ᠎ᠡ ᠠᠯᠠᠭ᠎ᠠ ᠲᠠᠰᠢᠵᠠᠭᠠᠵᠤ ᠪᠠᠶᠢᠪᠠ᠃ | ᠪᠣᠯᠪᠠᠰᠤᠷᠠᠯ ᠳᠡᠭᠡᠷ᠎ᠡ᠂ ᠬᠡᠷᠦᠯᠦᠨ ᠰᠤᠮᠤ ᠶᠢᠨ ᠨᠠᠮ ᠤᠨ ᠬᠤᠷᠢᠶᠠᠨ ᠤ ᠱᠦᠵᠢ ᠠᠴᠠ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠡᠵᠡᠮᠳᠡᠵᠦ᠂ ᠤᠯᠤᠰ | ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠭᠤᠤ ᠶᠡᠭᠡ ᠦᠢᠯᠡᠰ ᠲᠤ | ᠣᠷᠣᠯᠴᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ | ᠴᠢᠩᠭᠠᠳᠬᠠᠵᠤ᠂ ᠪᠣᠯᠪᠠᠰᠤᠷᠠᠯ ᠳᠤ ᠣᠷᠣᠯᠴᠠᠭᠰᠠᠳ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠤᠨᠤᠯ ᠤᠨ ᠮᠡᠳᠡᠯᠭᠡ ᠪᠠ ᠦᠢᠯᠡᠳᠦᠯᠭᠡ ᠶᠢᠨ ᠲᠤᠷᠰᠢᠯᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠲᠤᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠠᠵᠢᠯ ᠤᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠦᠴᠦᠷᠬᠡᠭ ᠶᠡᠭᠡ ᠬᠠᠮᠲᠤᠷᠠᠯ | ᠬᠦᠴᠦᠨ ᠢ ᠪᠦᠷᠢᠯᠳᠦᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠬᠡᠯᠪᠡᠷᠢ ᠶᠢ ᠬᠤᠪᠢᠷᠠᠭᠤᠯᠬᠤ | ᠪᠦᠲᠦᠮᠵᠢᠲᠡᠢ ᠠᠷᠭ᠎ᠠ ᠵᠠᠮ ᠪᠠ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠠᠵᠢᠯ ᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ ᠳᠥᠷᠪᠡ ᠳᠤ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠡᠮᠡᠭᠲᠡᠶᠢᠴᠦᠳ ︽ᠲᠥᠷᠥ ᠶᠢᠨ ᠬᠠᠭᠠᠰ ᠲᠤᠯᠭᠠᠭᠤᠷᠢ︾ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢᠨ ᠠᠴᠢ ᠬᠤᠯᠪᠣᠭᠳᠠᠯ ᠪᠠ | ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠮᠠᠯᠴᠢᠳ ᠲᠤ ᠥᠭᠡᠷᠡᠴᠢᠯᠡᠯᠲᠡ ᠠᠴᠠ ᠪᠣᠯᠤᠭᠰᠠᠨ ᠪᠣᠳᠠᠲᠤ ᠠᠰᠢᠭ ᠲᠤᠰᠠ ᠪᠠ ᠰᠠᠶᠢᠨ | ᠲᠠᠯ᠎ᠠ ᠶᠢ ᠭᠦᠢᠴᠡᠳ ᠣᠶᠢᠯᠠᠭᠠᠭᠤᠯᠵᠤ᠂ ᠨᠠᠩ ᠣᠯᠠᠨ ᠮᠠᠯᠴᠢᠳ ᠢ ᠥᠭᠡᠷᠡᠴᠢᠯᠡᠯᠲᠡ ᠶᠢᠨ ︽ᠬᠠᠵᠠᠭᠤ ᠠᠴᠠ ᠠᠵᠢᠭᠯᠠᠭᠴᠢ︾ ᠠᠴᠠ ︽ᠣᠷᠣᠯᠴᠠᠭᠴᠢ︾ ᠪᠠ ︽ | ᠠᠰᠢᠭ ᠬᠦᠷᠲᠡᠭᠴᠢ︾ ᠪᠣᠯᠭᠠᠨ ᠬᠤᠪᠢᠷᠠᠭᠤᠯᠵᠤ᠂ ᠮᠠᠯᠵᠢᠬᠤ ᠣᠷᠣᠨ ᠤ ᠦᠷᠬᠦᠯᠵᠢᠯᠡᠬᠦᠶᠢᠴᠡ ᠬᠥᠭᠵᠢᠯᠲᠡ ᠳᠤ ᠪᠠᠲᠤ ᠪᠠᠬᠢ ᠰᠠᠭᠤᠷᠢ ᠶᠢ ᠬᠠᠩᠭᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠬᠡᠷᠦᠯᠦᠨ ᠰᠤᠮᠤ ᠶᠢᠨ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ | ᠳᠤᠭᠤᠶᠢᠯᠠᠩ ︽ᠮᠠᠩᠯᠠᠶ 2.0︾ ᠵᠠᠭᠪᠤᠷ ᠢ ᠰᠦᠪᠡᠭᠴᠢᠯᠡᠨ ᠪᠣᠶ ᠪᠣᠯᠭᠠᠬᠤ ᠲᠣᠭᠤᠷᠢᠨ ᠳᠤ ᠶᠠᠷᠢᠯᠴᠠᠨ ᠰᠣᠯᠢᠯᠴᠠᠪᠠ᠃ | ᠲᠠᠷᠠᠭᠠᠴᠢ ᠶᠢᠨ ᠠᠯᠬᠤᠮ ᠳᠤ᠂ ᠬᠡᠷᠦᠯᠦᠨ ᠰᠤᠮᠤ ᠠᠵᠠ ᠲᠣᠬᠢᠶᠠᠯ ᠢ ᠴᠢᠩᠭ᠎ᠠ ᠠᠳᠬᠤᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠠᠵᠢᠯ ᠤᠨ ᠲᠣᠭᠤᠷᠢᠨ ᠳᠤ᠂ ᠤᠯᠠᠮᠵᠢᠯᠠᠯᠲᠤ ᠮᠠᠯ ᠠᠵᠤ | ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠡᠨᠡ ᠬᠦ ︽ᠨᠢᠭᠡᠳᠦᠭᠡᠷ ᠥᠭᠡᠷᠡᠴᠢᠯᠡᠯᠲᠡ ᠶᠢᠨ ᠰᠡᠳᠦᠪ︾ ᠢ ᠬᠢᠨᠠᠮᠠᠭᠠᠶ | ᠨᠠᠶᠢᠳᠠᠪᠤᠷᠢᠵᠢᠭᠤᠯᠵᠤ᠂ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠪᠠ ︽ᠭᠤᠷᠪᠠ ᠶᠢ ᠨᠢᠭᠡ ᠴᠤᠭᠴᠠᠵᠢᠭᠤᠯᠬᠤ︾ ᠵᠡᠷᠭᠡ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠬᠠᠷᠠᠯᠲᠠ ᠶᠢ ᠤᠯᠠᠮ ᠨᠢᠭᠡ ᠠᠯᠬᠤᠮ ᠠᠬᠢᠭᠤᠯᠤᠨ ᠨᠠᠶᠢᠳᠠᠪᠤᠷᠢᠵᠢᠭᠤᠯᠤᠨ᠎ᠠ᠃ |