ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠭᠠᠳᠠᠭᠠᠳᠤ ᠳᠤ ᠬᠤᠯᠪᠣᠭᠳᠠᠬᠤ | ᠬᠠᠤᠯᠢᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠬᠠᠤᠯᠢ ᠴᠠᠭᠠᠵᠠ ᠶᠢᠨ ᠤᠬᠠᠮᠰᠠᠷ ᠢ | ᠴᠢᠩᠭᠠᠳᠬᠠᠵᠤ᠂ ᠰᠢᠨ᠎ᠡ ᠪᠠᠷᠭᠤ ᠵᠡᠭᠦᠨ ᠬᠤᠰᠢᠭᠤᠨ ᠤ ᠬᠢᠨ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ | ᠭᠠᠳᠠᠭᠠᠳᠤ ᠳᠤ ᠬᠤᠯᠪᠣᠭᠳᠠᠬᠤ ᠠᠯᠪᠠᠨ ᠭᠡᠷᠡᠴᠢᠯᠡᠭᠡ ᠬᠢᠬᠦ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠪᠠᠷ ᠤᠬᠠᠭᠤᠯᠭ᠎ᠠ ᠶᠢᠨ | ᠭᠤᠣᠯᠳᠠᠯᠭ᠎ᠠ ᠪᠣᠯᠭᠠᠵᠤ᠂ 3 ᠰᠠᠷ᠎ᠠ ᠶᠢᠨ 11 ᠤ ᠡᠳᠦᠷ ᠠᠴᠠ ᠡᠪᠦᠳᠦᠭ ᠪᠣᠭᠤᠮᠲᠠ ᠶᠢᠨ ᠬᠠᠷᠢᠯᠴᠠᠨ ᠠᠷᠠᠯᠵᠢᠶᠠᠯᠠᠬᠤ ᠭᠠᠶᠢᠯᠢ ᠬᠡᠯᠲᠦᠷᠢᠭᠦᠯᠬᠦ ᠬᠤᠳᠠᠯᠳᠤᠭᠠᠨ ᠤ | ᠲᠥᠪ ᠳᠤ ︽ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠬᠤ︾ ᠭᠤᠣᠯ ᠰᠡᠳᠦᠪᠲᠦ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠨ ᠭᠠᠳᠠᠭᠠᠳᠤ ᠶᠢᠨ ᠬᠠᠷᠢᠶ᠎ᠠ ᠲᠠᠢ ᠬᠥᠮᠥᠰ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ | ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠦᠭᠡ ᠬᠡᠯᠡᠨ ᠤ ᠱᠠᠭᠠᠷᠳᠠᠯᠭ᠎ᠠ ᠶᠢ ᠪᠣᠳᠣᠯᠬᠢᠯᠠᠨ᠂ ᠮᠣᠩᠭᠤᠯ ᠬᠡᠯᠡᠨ ᠤ | ᠬᠡᠪᠯᠡᠯ ᠢ ᠣᠨᠴᠠᠭᠠᠶᠢᠯᠠᠨ ᠪᠡᠯᠡᠳᠬᠡᠵᠦ᠂ ᠲᠡᠳᠡᠨ ᠤ ᠤᠩᠰᠢᠬᠤ ᠪᠠ ᠣᠶᠢᠯᠠᠭᠠᠬᠤ ᠳᠤ ᠲᠤᠶᠢᠯ ᠤᠨ ᠳᠥᠭᠦᠮ ᠦᠵᠡᠭᠦᠯᠪᠡ᠃ ᠠᠵᠢᠯᠲᠠᠳ ᠪᠠᠰᠠ ᠬᠢᠯᠪᠠᠷ | ᠣᠶᠢᠯᠠᠭᠠᠮᠵᠢᠲᠠᠢ ᠠᠷᠭ᠎ᠠ ᠮᠠᠶ᠋ᠢᠭ ᠢᠶᠠᠷ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠳᠠᠭᠠᠳᠤ ᠶᠢᠨ ᠬᠠᠷᠢᠶ᠎ᠠ ᠲᠠᠢ ᠬᠥᠮᠥᠰ ᠲᠤ ᠬᠠᠤᠯᠢ ᠴᠠᠭᠠᠵᠠ ᠶᠢᠨ | ᠵᠠᠩᠭᠢᠯᠠᠭ᠎ᠠ ᠶᠢᠨ ᠵᠦᠢᠯ ᠵᠤᠷᠪᠤᠰ᠂ ᠢᠯᠠᠩᠭᠤᠶ᠎ᠠ ᠠᠷᠠᠯᠵᠢᠶ᠎ᠠ᠂ ᠪᠡᠯᠡ ᠣᠷᠣᠭᠤᠯᠤᠯᠲᠠ᠂ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠲᠠᠯ᠎ᠠ ᠶᠢᠨ ᠨᠢᠭᠲᠠ | ᠬᠤᠯᠪᠣᠭ᠎ᠠ ᠲᠠᠢ ᠠᠭᠤᠯᠭ᠎ᠠ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃ | | | ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠳᠠᠭᠠᠳᠤ ᠳᠤ | ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠨᠠᠩ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ | ᠪᠣᠯᠬᠤᠶᠢᠴᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ |