ᠰᠢᠨ᠎ᠡ ᠪᠠᠷᠭᠤ ᠵᠡᠭᠦᠨ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠴᠠᠰᠤ ᠰᠢᠭᠤᠷᠭᠠᠨ ᠤ ᠠᠭᠤᠷ ᠠᠮᠢᠰᠬᠤᠯ ᠢ ᠵᠥᠪᠳᠡᠯᠴᠡᠨ ᠰᠤᠳᠤᠯᠵᠤ ᠮᠠᠭᠠᠳᠯᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/12
       ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠦᠬᠦ ᠬᠤᠲᠠ ᠶᠢᠨ ᠲᠤᠰ ᠡᠭᠡᠯᠵᠢ ᠶᠢᠨ ᠴᠠᠰᠤ ᠣᠷᠣᠬᠤ ᠶᠠᠪᠤᠴᠠ ᠶᠢ ᠠᠷᠭᠠᠴᠠᠬᠤ ᠪᠠᠶᠢᠷᠢᠯᠠᠭᠤᠯᠤᠯᠲᠠ ᠶᠢᠨ ᠪᠠᠶᠢᠳᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 11 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠴᠠᠰᠤ ᠰᠢᠭᠤᠷᠭᠠᠨ ᠤ ᠠᠭᠤᠷ ᠠᠮᠢᠰᠬᠤᠯ ᠢ ᠵᠥᠪᠯᠡᠨ ᠰᠤᠳᠤᠯᠵᠤ ᠮᠠᠭᠠᠳᠯᠠᠬᠤ ᠬᠤᠷᠠᠯ ᠢ ᠵᠣᠬᠢᠶᠠᠨ ᠪᠠᠶᠢᠭᠤᠯᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠵᠠᠮ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠴᠠᠭ ᠠᠭᠤᠷ ᠤᠨ ᠲᠣᠪᠴᠢᠶ᠎ᠠ᠂ ᠴᠠᠬᠢᠯᠭᠠᠨ ᠬᠦᠴᠦᠨ ᠤ ᠺᠣᠮᠫᠠᠨᠢ ᠵᠡᠷᠭᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
20250312-9.jpg
       ᠬᠤᠷᠠᠯ  ᠠᠴᠠ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠴᠠᠰᠤ ᠰᠢᠭᠤᠷᠭᠠᠨ ᠤ ᠬᠦᠢᠲᠡᠨ ᠠᠭᠤᠷ ᠠᠮᠢᠰᠬᠤᠯ ᠪᠣᠯ ᠭᠡᠨᠡᠳᠲᠡ  ᠶᠢᠨ ᠬᠡᠷᠡᠭ ᠤᠨ ᠪᠠᠴᠢᠮ ᠪᠠᠶᠢᠳᠠᠯ  ᠢ ᠠᠷᠭᠠᠴᠠᠨ ᠰᠢᠢᠳᠪᠦᠷᠢᠯᠡᠬᠦ ᠰᠢᠰᠲ᠋ᠧᠮ ᠪᠣᠯᠣᠨ ᠠᠷᠭᠠᠴᠠᠬᠤ ᠴᠢᠳᠠᠪᠤᠷᠢ  ᠶᠢᠨ ᠨᠢᠭᠡ ᠤᠳᠠᠭᠠᠨ ᠤ ᠴᠢᠬᠤᠯᠠ ᠶᠡᠭᠡ ᠰᠢᠯᠭᠠᠯᠲᠠ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠳᠦᠷᠦ ᠶᠢ ᠡᠷᠬᠢᠮᠯᠡᠬᠦ ᠥᠨᠳᠥᠷᠴᠡ ᠠᠴᠠ ᠰᠢᠷᠦᠭᠦᠨ ᠴᠠᠰᠤ ᠣᠷᠣᠵᠤ ᠰᠢᠷᠦᠭᠦᠨ ᠬᠠᠯᠠᠭᠤᠨ ᠠᠭᠤᠷ ᠠᠮᠢᠰᠬᠤᠯ ᠢ ᠠᠷᠭᠠᠴᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
20250312-10.jpg
       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠰᠡᠷᠭᠡᠶᠢᠯᠡᠨ ᠠᠷᠭᠠᠴᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠴᠠᠰᠤ ᠰᠢᠭᠤᠷᠭᠠᠨ ᠤ ᠳᠤᠯᠠᠭᠠᠨ ᠠᠭᠤᠷ ᠠᠮᠢᠰᠬᠤᠯ ᠤᠨ ᠠᠪᠴᠢᠷᠠᠵᠤ ᠮᠡᠳᠡᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢᠨ ᠬᠠᠨᠳᠤᠰᠢ ᠵᠢᠴᠢ ᠰᠠᠯᠠᠭ᠎ᠠ ᠮᠥᠴᠢᠷ ᠤᠨ ᠨᠡᠶᠢᠲᠡᠯᠡᠭᠰᠡᠨ ᠬᠠᠮᠤᠭ ᠤᠨ ᠰᠢᠨ᠎ᠡ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠴᠠᠭ ᠠᠭᠤᠷ ᠤᠨ ᠭᠠᠮᠰᠢᠭ ᠤᠨ ᠰᠡᠷᠡᠮᠵᠢ ᠶᠢᠨ ᠳᠣᠬᠢᠶ᠎ᠠ ᠶᠢ ᠨᠢᠭᠲᠠ ᠠᠩᠬᠠᠷᠴᠤ᠂ ᠭᠠᠮᠰᠢᠭ ᠤᠨ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠭᠠᠮᠰᠢᠭ ᠢ ᠠᠷᠭᠠᠴᠠᠬᠤ ᠶᠠᠪᠤᠴᠠ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠭᠤᠣᠯᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠬᠤᠳᠠ ᠶᠢᠨ ᠡᠬᠢᠯᠡᠭᠦᠯᠬᠦ ᠪᠡᠯᠡᠳᠬᠡᠯ ᠲᠥᠰᠥᠯ ᠤᠨ ᠴᠤᠤᠷᠢᠶᠠᠲᠤᠯ ᠢ ᠦᠨᠳᠦᠰᠦᠯᠡᠬᠦ ᠶᠢᠨ ᠬᠠᠮᠲᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ ᠪᠠᠶᠢᠭᠠᠳ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠯᠳᠠ ᠭᠡᠮ  ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ ᠪᠡᠯᠡᠳᠬᠡᠯ ᠠᠵᠢᠯ  ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠠᠰᠤ ᠰᠢᠭᠤᠷᠭᠠᠨ  ᠳᠤ ᠨᠥᠯᠥᠭᠡᠯᠡᠭᠳᠡᠵᠦ ᠮᠡᠳᠡᠬᠦ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠣᠷᠣᠨ ᠪᠠᠶᠢᠷᠢ  ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠠᠮᠤᠷ ᠲᠦᠪᠰᠢᠨ  ᠤ ᠲᠠᠯᠳᠠ ᠭᠡᠮ  ᠢ ᠴᠠᠭ ᠲᠤᠬᠠᠢ  ᠳᠤᠨᠢ ᠣᠯᠵᠤ ᠮᠡᠳᠡᠬᠦ ᠪᠠ ᠠᠷᠢᠯᠭᠠᠬᠤ ᠬᠡᠷᠡᠭᠲᠡᠢ᠃
20250312-11.jpg
       ᠬᠤᠷᠠᠯ ᠠᠴᠠ᠂ ᠡᠯ᠎ᠡ ᠨᠢᠭᠡᠴᠢ ᠶᠢᠨ ᠬᠢᠨ ᠡᠨᠡᠬᠦ ᠡᠭᠡᠯᠵᠢ ᠶᠢᠨ ᠴᠠᠰᠤ ᠰᠢᠭᠤᠷᠭᠠᠨ ᠤ ᠠᠭᠤᠷ ᠠᠮᠢᠰᠬᠤᠯ ᠢ ᠰᠡᠷᠭᠡᠶᠢᠯᠡᠨ ᠠᠷᠭᠠᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠠ ᠵᠠᠪᠰᠢᠶᠠᠨ ᠢ ᠡᠷᠢᠬᠦ ᠪᠤᠳᠤᠯ ᠪᠣᠯᠣᠨ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠴᠠᠭ ᠠᠭᠤᠷ ᠢ ᠨᠢᠭᠲᠠ ᠠᠩᠬᠠᠷᠴᠤ᠂ ᠰᠡᠷᠡᠮᠵᠢᠯᠡᠭᠦᠯᠬᠦ ᠮᠡᠳᠡᠭᠡ ᠵᠠᠩᠭᠢ᠂ ᠠᠶᠤᠯ ᠠᠴᠠ ᠵᠠᠶᠢᠯᠠᠬᠤ ᠰᠠᠨᠠᠭᠤᠯᠤᠮᠵᠢ ᠪᠠ ᠡᠷᠡᠭᠦᠯ ᠮᠡᠨᠳᠦ ᠶᠢᠨ ᠰᠠᠨᠠᠭᠤᠯᠤᠮᠵᠢ ᠶᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ︔ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠳᠤ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠶᠡᠬᠡᠲᠡᠢ ᠵᠠᠮ ᠤᠨ ᠬᠡᠰᠡᠭ ᠤᠨ ᠵᠢᠵᠢᠭᠦᠷᠯᠡᠨ ᠰᠠᠬᠢᠬᠤ ᠪᠠ ᠨᠢᠭᠡᠳᠦᠭᠡᠷ ᠹᠷᠣᠨᠲ ᠤᠨ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠷᠠᠭᠤᠯᠤᠨ᠎ᠠ︔ ᠥᠨᠳᠥᠷ ᠣᠭᠲᠠᠷᠭᠤᠢ ᠳᠤ ᠠᠵᠢᠯᠯᠠᠬᠤ᠂ ᠭᠡᠷ ᠤᠨ ᠭᠠᠳᠠᠨᠠᠬᠢ ᠵᠠᠷ ᠮᠡᠳᠡᠭᠡ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ᠂ ᠴᠠᠬᠢᠯᠭᠠᠨ ᠬᠦᠴᠦᠨ ᠤ ᠬᠦᠷᠭᠡᠯᠲᠡ᠂ ᠲᠥᠬᠦᠭᠡᠷᠦᠮᠵᠢᠲᠦ ᠲᠠᠷᠢᠶᠠᠯᠠᠩ᠂ ᠤᠯᠠᠨ ᠨᠡᠶᠢᠲᠡ ᠶᠢᠨ ᠡᠷᠡᠭᠦᠯ ᠮᠡᠨᠳᠤ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠭᠤᠣᠯᠳᠠᠯᠭ᠎ᠠ ᠲᠠᠢ ᠪᠠᠷ ᠰᠠᠶᠢᠲᠤᠷ ᠬᠢᠨ᠎ᠡ᠃ ᠵᠢᠵᠢᠭᠦᠷᠯᠡᠨ ᠰᠠᠬᠢᠬᠤ ᠶᠢ ᠴᠢᠩᠳᠠᠯᠠᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠢ ᠨᠢᠭᠡᠳᠦᠯᠲᠡᠢ ᠲᠥᠯᠥᠪᠵᠢᠭᠦᠯᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠲᠦᠭᠰᠢᠭᠦᠷᠢᠲᠦ ᠪᠠᠶᠢᠳᠠᠯ ᠭᠠᠷᠪᠠᠯ ᠲᠡᠷᠡ ᠳᠠᠷᠤᠢ ᠳᠤᠨᠢ ᠴᠤᠤᠷᠢᠶᠠᠲᠤᠨ ᠳᠠᠭᠠᠵᠤ᠂ ᠲᠡᠷᠡ ᠳᠠᠷᠤᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃    
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ