— ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ | ᠢᠯᠠᠯᠲᠠ ᠲᠠᠢ ᠲᠡᠭᠦᠰᠦᠭᠰᠡᠨ ᠳᠤ ᠬᠠᠯᠠᠭᠤᠨ ᠪᠠᠶᠠᠷ ᠬᠦᠷᠭᠡᠶ᠎ᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ ᠠᠷᠠᠳ ᠤᠨ ᠲᠠᠭᠤᠨ ᠢ ᠰᠣᠨᠣᠰᠴᠤ᠂ ᠠᠷᠠᠳ ᠤᠨ ᠰᠠᠨᠠᠭ᠎ᠠ ᠶᠢ | ᠭᠥᠯᠢᠶᠡᠨ ᠠᠪᠴᠤ᠂ ᠠᠷᠠᠳ ᠤᠨ ᠣᠶᠤᠨ ᠤᠬᠠᠭᠠᠨ ᠢ ᠬᠤᠷᠠᠮᠳᠤᠭᠤᠯᠤᠨ᠂ ᠠᠷᠠᠳ ᠤᠨ ᠬᠦᠴᠦᠨ ᠢ ᠨᠢᠭᠲᠠᠷᠠᠭᠤᠯᠤᠨ᠎ᠠ᠃ 3 ᠰᠠᠷ᠎ᠠ ᠶᠢᠨ 11 ᠤ ᠡᠳᠦᠷ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ | ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠡᠭᠡᠵᠢᠩ ᠳᠤ ᠢᠯᠠᠯᠲᠠ ᠲᠠᠢ ᠲᠡᠭᠦᠰᠪᠡ᠃ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠤᠯᠠᠨ ᠤ ᠤᠶᠤᠨ ᠤᠬᠠᠭᠠᠨ ᠢ | ᠲᠥᠪᠯᠡᠷᠡᠭᠦᠯᠵᠦ᠂ ᠶᠡᠭᠡ ᠬᠤᠷᠠᠯ ᠤᠨ ᠣᠪᠣᠷ ᠰᠤᠷᠲᠠᠯ ᠲᠥᠪ ᠴᠢᠬᠡᠴᠢ ᠪᠠᠶᠢᠵᠤ᠂ ᠬᠤᠷᠠᠯ ᠤᠨ ᠦᠷ᠎ᠡ ᠪᠦᠲᠦᠭᠡᠯ ᠡᠯᠪᠡᠭ ᠪᠠᠶᠠᠯᠢᠭ ᠪᠣᠯᠵᠤ᠂ ᠨᠠᠮ ᠤᠨ ᠵᠣᠷᠢᠯᠲᠠ | ᠪᠣᠯᠣᠨ ᠠᠷᠠᠳ ᠲᠦᠮᠡᠨ ᠤ ᠬᠦᠰᠡᠯ ᠵᠣᠷᠢᠯᠲᠠ ᠶᠢᠨ ᠨᠢᠭᠡᠳᠦᠯ ᠢ ᠭᠦᠢᠴᠡᠳ ᠢᠯᠡᠷᠡᠭᠦᠯᠪᠡ᠃ ᠪᠢᠳᠡ ᠶᠡᠭᠡ ᠬᠤᠷᠠᠯ ᠤᠨ ᠠᠮᠵᠢᠯᠲᠠ ᠣᠯᠣᠭᠰᠠᠨ ᠳᠤ ᠬᠠᠯᠠᠭᠤᠨ ᠪᠠᠶᠠᠷ | ᠬᠦᠷᠭᠡᠵᠦ ᠪᠠᠶᠢᠨ᠎ᠠ︕ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠳᠤ ᠡᠨᠡ ᠤᠳᠠᠭ᠎ᠠ ᠶᠢᠨ ᠶᠡᠭᠡ ᠬᠤᠷᠠᠯ ᠬᠠᠮᠲᠤ ᠶᠢᠨ | ᠲᠠᠨᠢᠯᠲᠠ ᠶᠢ ᠨᠢᠭᠲᠠᠷᠠᠭᠤᠯᠵᠤ᠂ ᠡᠭᠦᠷᠭᠡ ᠶᠢ ᠲᠣᠳᠣᠷᠬᠠᠶᠢᠯᠠᠵᠤ᠂ ᠢᠲᠡᠭᠡᠯ ᠵᠣᠷᠢᠭ ᠢ ᠪᠠᠲᠤᠳᠬᠠᠪᠠ᠃ ᠡᠨᠡ ᠪᠣᠯ ᠨᠢᠭᠡ ᠤᠳᠠᠭ᠎ᠠ ᠶᠢᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ᠃ ᠶᠡᠭᠡ ᠬᠤᠷᠠᠯ ᠠᠴᠠ | ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠮᠠᠨ ᠤ | ᠤᠯᠤᠰ ᠮᠠᠰᠢ ᠶᠡᠷᠦ ᠪᠤᠰᠤ ᠶᠢᠨ ᠬᠥᠭᠵᠢᠯᠲᠡ ᠶᠢᠨ ᠶᠠᠪᠤᠴᠠ ᠶᠢ ᠥᠩᠭᠡᠷᠡᠭᠡᠵᠦ᠂ ᠬᠥᠮᠥᠰ ᠢ ᠵᠣᠷᠢᠭᠵᠢᠭᠤᠯᠤᠮ᠎ᠠ ᠠᠮᠵᠢᠯᠲᠠ ᠣᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ᠃ ᠶᠡᠭᠡ ᠬᠤᠷᠠᠯ ᠠᠴᠠ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠪᠠ ᠪᠤᠰᠤᠳ ᠡᠯ᠎ᠡ ᠵᠦᠢᠯ ᠤᠨ ᠴᠢᠬᠤᠯᠠ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠭᠡᠳ᠂ ᠲᠥᠯᠥᠪᠯᠡᠭᠡ ᠪᠠ ᠲᠥᠰᠥᠪ ᠢ ᠬᠢᠨᠠᠨ | ᠪᠠᠶᠢᠴᠠᠭᠠᠵᠤ ᠵᠥᠪᠰᠢᠶᠡᠷᠡᠪᠡ᠃ ᠲᠥᠯᠥᠭᠡᠯᠡᠭᠴᠢᠳ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠮᠵᠢᠯᠲᠠ ᠪᠦᠲᠦᠮᠵᠢ ᠶᠢ | ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠢ ᠵᠠᠳᠠᠯᠤᠭᠰᠠᠨ ᠨᠢ ᠪᠤᠰᠤᠳᠴᠢ ᠪᠥᠭᠡᠳ ᠣᠨᠣᠪᠴᠢᠲᠠᠶ᠂ ᠬᠠᠷᠠᠯᠲᠠ ᠲᠣᠭᠲᠠᠭᠠᠭᠰᠠᠨ ᠨᠢ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠢ᠂ ᠳᠤᠷᠠᠳᠤᠭᠰᠠᠨ ᠠᠷᠭ᠎ᠠ ᠬᠡᠮᠵᠢᠶ᠎ᠡ ᠨᠢ ᠦᠨᠡᠨ ᠬᠦ ᠬᠡᠷᠡᠭᠵᠢᠭᠦᠯᠦᠭᠦᠰᠢᠲᠡᠢ᠂ ᠭᠤᠣᠯ ᠰᠡᠳᠦᠪ ᠨᠢ ᠢᠯᠡ ᠲᠣᠳᠣ᠂ | ᠬᠠᠷᠢᠭᠤᠴᠠᠯᠭ᠎ᠠ ᠡᠭᠦᠷᠭᠡᠯᠡᠨ ᠤᠷᠤᠭᠰᠢᠯᠠᠨ ᠳᠠᠪᠰᠢᠬᠰᠠᠨ᠂ ᠪᠦᠯᠬᠦᠮᠳᠡᠭᠦᠯᠦᠨ ᠨᠢᠭᠲᠠᠷᠠᠭᠤᠯᠵᠤ ᠵᠣᠷᠢᠭ ᠢ ᠬᠥᠪᠴᠢᠯᠡᠭᠰᠡᠨ ᠰᠠᠶᠢᠨ ᠢᠯᠡᠳᠬᠡᠯ ᠪᠣᠯᠵᠠᠢ ᠭᠡᠵᠦ | ᠦᠵᠡᠵᠡᠭᠡᠪᠡ᠃ ᠶᠡᠭᠡ ᠬᠤᠷᠠᠯ ᠠᠴᠠ ᠲᠥᠯᠥᠭᠡᠯᠡᠭᠴᠢᠳ ᠤᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ᠂ ᠰᠢᠨ᠎ᠡ | ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠪᠣᠯᠣᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠭᠦᠨᠵᠡᠭᠡᠢ ᠳ᠋ᠦᠩᠨᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠳᠦᠷᠢᠮᠵᠢᠭᠦᠯᠬᠦ᠂ | ᠵᠢᠷᠤᠮᠵᠢᠭᠤᠯᠬᠤ᠂ ᠲᠠᠰ ᠲᠠᠷᠠᠭᠠᠯᠠᠯᠵᠢᠭᠤᠯᠬᠤ ᠲᠦᠪᠰᠢᠨ ᠢ ᠳᠡᠭᠡᠭᠰᠢᠯᠡᠭᠦᠯᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠭᠡ ᠬᠤᠷᠠᠯ ᠠᠴᠠ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠩᠭᠡᠷᠡᠭᠰᠡᠨ ᠨᠢᠭᠡ ᠵᠢᠯ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠪᠠ ᠦᠷ᠎ᠡ ᠪᠦᠲᠦᠮᠵᠢ ᠣᠯᠣᠭᠰᠠᠨ ᠢ ᠭᠦᠢᠴᠡᠳ ᠨᠤᠲᠠᠯᠠᠪᠠ᠃ ᠶᠡᠭᠡ ᠬᠤᠷᠠᠯ ᠤᠨ ᠠᠮᠵᠢᠯᠲᠠ | ᠣᠯᠣᠭᠰᠠᠨ ᠨᠢ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ 2025 ᠣᠨ ᠤ | ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠠᠶᠠᠨ ᠳᠠᠭᠠᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠤᠭᠰᠠᠨ ᠪᠠᠶᠢᠨ᠎ᠠ᠃ | ᠣᠳᠣᠬᠠᠨ ᠳᠤ᠂ ᠮᠠᠨ ᠤ ᠤᠯᠤᠰ ᠤᠨ ᠬᠥᠭᠵᠢᠯᠲᠡ ᠳᠤ ᠭᠠᠳᠠᠭᠠᠳᠤ ᠣᠷᠴᠢᠨ ᠨᠥᠬᠦᠴᠡᠯ ᠤᠨ ᠲᠣᠬᠲᠠᠭᠠᠯᠲᠦ ᠪᠤᠰᠤ ᠴᠢᠨᠠᠷ ᠤᠨ ᠥᠷᠢᠰᠦᠯᠳᠦᠭᠡᠨ | ᠣᠷᠣᠰᠢᠵᠤ ᠪᠠᠶᠢᠬᠤ ᠮᠥᠷᠲᠡᠭᠡᠨ ᠪᠠᠰᠠ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠳᠠᠷᠤᠯᠲᠠ ᠳᠤ ᠲᠤᠯᠭᠠᠷᠠᠵᠤ ᠪᠠᠶᠢᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠳᠤ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠪᠠᠶᠢᠳᠠᠯ | ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠤᠯᠬᠤ ᠲᠤᠳᠤᠮ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠤᠯᠠᠮ ᠢᠯᠡᠭᠦᠦ ᠨᠢᠭᠡᠳᠬᠡᠵᠦ᠂ ᠬᠠᠷᠠᠯᠲᠠ ᠪᠠᠨ ᠴᠢᠩᠭ᠎ᠠ ᠡᠵᠡᠮᠳᠡᠨ᠂ ᠵᠣᠷᠢᠭᠲᠠᠢ ᠲᠡᠮᠡᠴᠡᠵᠦ ᠵᠣᠷᠢᠭᠲᠠᠢ ᠬᠢᠵᠦ ᠪᠣᠳᠠᠲᠠᠢ ᠠᠵᠢᠯᠯᠠᠨ᠂ | ᠬᠤᠷᠠᠯ ᠤᠨ ᠵᠣᠷᠢᠭ ᠰᠠᠨᠠᠭ᠎ᠠ ᠶᠢ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ᠂ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ | ᠬᠡᠷᠡᠭᠲᠡᠢ᠃ | ᠰᠠᠯᠬᠢ ᠪᠣᠷᠣᠭᠠᠨ ᠤ ᠬᠠᠲᠠᠭᠤᠵᠢᠯ ᠳᠤᠮᠳᠠ ᠦᠰᠦᠨ ᠪᠤᠶᠢᠵᠢᠵᠤ᠂ ᠰᠢᠯᠭᠠᠯᠲᠠ ᠶᠢ ᠳᠤᠭᠤᠯᠬᠤ ᠳᠤᠮᠳᠠ ᠬᠥᠭᠵᠢᠨ ᠪᠤᠵᠠᠭᠠᠶᠢᠷᠠᠵᠤ᠂ ᠪᠢᠳᠡ ᠵᠠᠪᠠᠯ ᠢᠯᠠᠯᠲᠠ | ᠣᠯᠬᠤ ᠢᠲᠡᠭᠡᠯ ᠵᠣᠷᠢᠭ ᠢᠶᠠᠨ ᠨᠠᠩ ᠪᠠᠲᠤᠳᠬᠠᠪᠠ᠃ ᠥᠩᠭᠡᠷᠡᠭᠰᠡᠨ ᠨᠢᠭᠡ ᠵᠢᠯ ᠳᠤ ᠤᠯᠠᠨ ᠳᠠᠪᠬᠤᠷ ᠬᠦᠴᠢᠷᠳᠡᠯ ᠥᠷᠢᠰᠦᠯᠳᠦᠭᠡᠨ ᠤ ᠡᠮᠦᠨ᠎ᠡ ᠮᠠᠨ ᠤ ᠤᠯᠤᠰ ᠤᠨ | ᠠᠵᠤ ᠠᠬᠤᠢ ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 130 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ | ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ᠃ ᠡᠨᠡ ᠨᠢ ᠮᠠᠨ ᠤ ᠤᠯᠤᠰ ᠤᠨ ᠬᠥᠭᠵᠢᠯᠲᠡ ᠶᠢᠨ ᠬᠡᠪᠴᠢᠶ᠎ᠡ ᠶᠢᠨ ᠳᠠᠪᠠᠭᠤᠯᠢᠭ᠂ | ᠵᠠᠬ᠎ᠠ ᠳᠡᠯᠭᠡᠭᠦᠷ ᠤᠨ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ᠂ ᠰᠢᠨ᠎ᠡ ᠶᠢ ᠡᠭᠦᠳᠬᠦ ᠳᠠᠪᠠᠭᠤᠯᠢᠭ ᠢ ᠭᠦᠢᠴᠡᠳ ᠢᠯᠡᠷᠡᠭᠦᠯᠵᠦ᠂ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠭᠰᠠᠨ ᠤᠯᠤᠰ ᠲᠦᠷᠦ ᠶᠢᠨ ᠳᠠᠪᠠᠭᠤᠯᠢᠭ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠨᠡᠩ ᠲᠣᠪᠤᠶᠢᠮ᠎ᠠ ᠢᠯᠡᠷᠡᠭᠦᠯᠪᠡ᠃ ᠢᠷᠡᠭᠡᠳᠦᠢ ᠳᠤ ᠬᠠᠨᠳᠤᠬᠤᠶ᠎ᠠ᠂ ᠴᠠᠭ᠂ ᠪᠠᠶᠢᠳᠠᠯ᠂ ᠬᠠᠨᠳᠤᠰᠢ ᠴᠥᠮ ᠮᠠᠨ ᠤ | ᠲᠠᠯ᠎ᠠ ᠳᠤ ᠪᠠᠶᠢᠨ᠎ᠠ᠃ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠶᠤᠨ ᠤᠬᠠᠭᠠᠨ ᠢᠶᠠᠨ | ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠪᠡᠯ ᠯᠠᠪᠲᠠᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠡᠷᠬᠡ ᠪᠠᠷᠲᠠᠭ᠎ᠠ ᠶᠢ ᠲᠤᠭᠤᠯᠵᠤ ᠴᠢᠳᠠᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠢ ᠤᠯᠤᠰ ᠤᠨ ᠬᠥᠭᠵᠢᠯᠲᠡ᠂ ᠠᠷᠠᠳ ᠲᠦᠮᠡᠨ ᠤ ᠵᠣᠯ ᠵᠢᠷᠭᠠᠯ᠂ ᠦᠨᠳᠦᠰᠦᠲᠡᠨ ᠤ ᠰᠡᠷᠭᠦᠨ | ᠮᠠᠨᠳᠤᠯᠲᠠ ᠶᠢ ᠠᠬᠢᠭᠤᠯᠬᠤ ᠲᠡᠦᠬᠡᠨ ᠶᠠᠪᠤᠴᠠ ᠳᠤ ᠯᠤᠲᠤ ᠶᠡᠭᠡ ᠤᠯᠤᠰ ᠲᠦᠷᠦ ᠶᠢᠨ ᠳᠠᠪᠠᠭᠤᠯᠢᠭ ᠪᠠ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠢᠯᠡᠷᠡᠭᠦᠯᠪᠡ᠃ | ᠪᠠᠶᠢᠭᠤᠯᠤᠯ ᠤᠨ ᠢᠲᠡᠭᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ | ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠪᠠᠯ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠣᠨ ᠠᠷᠠᠳ ᠲᠦᠮᠡᠨ ᠤ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠳᠦᠷᠢᠮ ᠤᠨ ᠪᠠᠲᠤᠯᠠᠭ᠎ᠠ ᠬᠠᠩᠭᠠᠵᠤ ᠴᠢᠳᠠᠨ᠎ᠠ᠃ | ᠪᠣᠳᠠᠲᠠᠢ ᠠᠵᠢᠯᠯᠠᠪᠠᠯ ᠰᠠᠶ᠋ᠢ ᠤᠯᠤᠰ ᠢᠶᠠᠨ ᠮᠠᠨᠳᠤᠭᠤᠯᠵᠤ ᠴᠢᠳᠠᠨ᠎ᠠ᠂ ᠴᠢᠷᠮᠠᠶᠢᠨ ᠲᠡᠮᠡᠴᠡᠪᠡᠯ ᠰᠠᠶ᠋ᠢ ᠤᠯᠤᠰ ᠢᠶᠠᠨ ᠬᠦᠴᠦᠷᠬᠡᠭᠵᠢᠭᠦᠯᠵᠦ ᠴᠢᠳᠠᠨ᠎ᠠ᠃ | ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠳᠠᠪᠲᠠᠭᠳᠠᠨ ᠪᠣᠯᠪᠠᠰᠤᠷᠠᠭᠠᠳ ᠬᠥᠮᠥᠨ ᠢ ᠰᠣᠴᠢᠭᠠᠮ᠎ᠠ ᠠᠮᠵᠢᠯᠲᠠ ᠪᠦᠲᠦᠮᠵᠢ ᠣᠯᠣᠭᠰᠠᠨ ᠠᠴᠠ ᠭᠠᠪᠢᠶ᠎ᠠ | ᠵᠢᠳᠬᠦᠯ ᠲᠠᠢ ᠵᠢᠱᠢᠶᠡᠴᠢ ᠤᠯᠠᠨ ᠵᠢᠯ ᠤᠨ ᠪᠠᠷᠢᠮᠲᠠᠯᠠᠯ ᠢᠶᠠᠷ ᠶᠡᠷᠦ ᠪᠤᠰᠤ ᠶᠢᠨ ᠠᠮᠵᠢᠯᠲᠠ ᠪᠦᠲᠦᠮᠵᠢ ᠣᠯᠣᠭᠰᠠᠨ ᠭᠦᠷᠲᠡᠯ᠎ᠡ᠂ ᠲᠦᠭ ᠲᠦᠮᠡᠨ ᠲᠠᠷᠢᠶᠠᠴᠢᠨ ᠤ | ᠰᠢᠷᠭᠠᠭᠤ ᠬᠠᠲᠠᠭᠤᠵᠢᠯᠲᠠᠢ ᠭᠦᠳᠡᠯᠮᠦᠷᠢ ᠪᠠᠷ ᠳᠠᠮᠵᠢᠨ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠣᠭᠰᠠᠨ︾ ᠠᠴᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠷᠭᠠᠭᠤ ᠬᠠᠲᠠᠭᠤᠵᠢᠯᠲᠠᠢ ᠪᠠᠷ ᠦᠢᠯᠡᠰ ᠪᠣᠰᠬᠠᠬᠤ ᠪᠠᠷ ᠳᠠᠮᠵᠢᠨ ᠳᠡᠯᠡᠬᠡᠢ ᠶᠢᠨ ᠲᠦᠷᠦᠯ ᠲᠡᠮᠳᠡᠭ ᠢ | ᠡᠭᠦᠳᠦᠭᠰᠡᠨ ᠭᠦᠷᠲᠡᠯ᠎ᠡ᠂ ᠬᠦᠰᠡᠯ ᠵᠡᠭᠦᠳᠦ ᠪᠠᠨ ᠪᠡᠶᠡᠯᠡᠭᠦᠯᠬᠦ ᠳᠤ ᠳᠥᠭᠦᠮ ᠳᠥᠲᠡ ᠵᠠᠮ ᠭᠡᠵᠦ ᠪᠠᠶᠢᠬᠤ ᠦᠭᠡᠢ᠂ ᠭᠠᠭᠴᠠ ᠬᠦ ᠪᠣᠳᠠᠲᠠᠢ ᠠᠵᠢᠯᠯᠠᠬᠤ ᠬᠡᠷᠡᠭᠲᠡᠢ | ᠭᠡᠳᠡᠭ ᠢ ᠦᠢᠯᠡᠳᠦᠯᠭᠡ ᠠᠮᠢᠳᠤᠯᠢᠭ ᠢᠶᠠᠷ ᠲᠣᠳᠣᠷᠬᠠᠶᠢᠯᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠢᠳᠪᠦᠷᠢᠲᠦ ᠢᠯᠠᠯᠲᠠ ᠶᠢ ᠣᠯᠬᠤ ᠳᠤ ᠪᠢᠳᠡ ︽ | ᠶᠠᠪᠤᠳᠠᠯ ᠤᠴᠢᠷ ᠪᠦᠲᠦᠬᠦ ᠣᠶᠢᠷᠠᠳᠬᠤ ᠳᠤᠲᠤᠮ ᠤᠯᠠᠮ ᠬᠢᠨᠠᠮᠠᠭᠠᠢ ᠪᠠᠶᠢᠬᠤ︾ ᠰᠡᠷᠭᠡᠭ ᠪᠠᠶᠢᠳᠠᠯ ᠢᠶᠠᠨ ᠪᠠᠲᠤᠯᠠᠵᠤ᠂ ︽ᠵᠣᠷᠢᠭᠰᠠᠨ ᠳᠠᠭᠠᠨ ᠬᠦᠷᠬᠦ ᠦᠭᠡᠢ ᠪᠣᠯ | ᠵᠤᠬᠰᠤᠬᠤ ᠦᠭᠡᠢ︾ ᠬᠠᠳᠠᠨ ᠵᠣᠷᠢᠭ ᠢᠶᠠᠨ ᠳᠠᠪᠲᠠᠨ ᠪᠤᠯᠪᠠᠰᠤᠷᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠢᠨᠵᠢᠯᠡᠬᠦ ᠤᠬᠠᠭᠠᠨᠴᠢ ᠪᠠᠷ ᠬᠠᠤᠯᠢ | ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠢ ᠠᠬᠢᠭᠤᠯᠵᠤ᠂ ᠬᠢᠨᠠᠯᠲᠠ ᠲᠠᠯᠪᠢᠬᠤ ᠠᠵᠢᠯ ᠤᠨ | ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠪᠠᠯ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠵᠤ ᠴᠢᠳᠠᠬᠤ ᠨᠢ ᠯᠠᠪᠲᠠᠢ ᠶᠤᠮ᠃ | ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠬᠥᠮᠥᠨ ᠨᠢᠭᠡᠪᠦᠷᠢ ᠴᠥᠮ ᠭᠤᠣᠯ | ᠪᠠᠭᠠᠲᠤᠷ ᠪᠣᠯᠵᠤ᠂ ᠬᠤᠪᠢ ᠨᠡᠮᠡᠷᠢ ᠨᠢᠭᠡᠪᠦᠷᠢ ᠨᠢ ᠴᠥᠮ ᠡᠷᠬᠢᠮ ᠨᠠᠨᠳᠢᠨ ᠪᠠᠶᠢᠵᠤ᠂ ᠵᠤᠷᠪᠤᠰ ᠵᠤᠷᠪᠤᠰ ᠭᠡᠷᠡᠯ ᠭᠢᠯᠪᠠᠭ᠎ᠠ ᠰᠠᠴᠤᠷᠠᠵᠤ ᠪᠠᠶᠢᠳᠠᠭ︾ ᠭᠡᠵᠦ ᠵᠢᠭᠠᠵᠤ | ᠭᠠᠷᠭᠠᠪᠠ᠃ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ | ᠰᠠᠭᠤᠷᠢ ᠪᠣᠯᠣᠨ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠭᠦᠨᠳᠦᠳᠭᠡᠵᠦ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ | ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠦᠭ ᠲᠦᠮᠡᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠬᠥᠭᠵᠢᠭᠡᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠦᠢᠯᠡᠳᠦᠯᠭᠡᠵᠢᠭᠦᠯᠬᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠬᠤ ᠢᠯᠡᠳᠲᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠤ | ᠰᠠᠨᠠᠯ ᠰᠠᠨᠠᠭᠤᠯᠭ᠎ᠠ ᠶᠢ ᠰᠣᠨᠣᠰᠴᠤ᠂ ᠠᠷᠠᠳ ᠤᠯᠠᠨ ᠯᠤᠭ᠎ᠠ ᠶᠢᠨ ᠨᠢᠭᠲᠠ ᠬᠠᠷᠢᠯᠴᠠᠭ᠎ᠠ ᠶᠢ ᠪᠠᠲᠤᠯᠠᠵᠤ᠂ ᠤᠬᠠᠮᠰᠠᠷ ᠠᠴᠠ ᠪᠠᠨ ᠠᠷᠭ᠎ᠠ ᠪᠣᠳᠣᠯᠭ᠎ᠠ ᠶᠢ ᠠᠷᠠᠳ ᠠᠴᠠ | ᠠᠰᠠᠭᠤᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠪᠠᠯ ᠪᠦᠭᠦ ᠠᠷᠠᠳ ᠲᠦᠮᠡᠨ ᠤ ᠬᠦᠴᠦᠨ ᠴᠢᠳᠠᠯ ᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠡᠭᠡᠷ᠎ᠡ ᠨᠡᠩ ᠪᠦᠲᠦᠮᠵᠢᠲᠡᠢ ᠨᠢᠭᠲᠠᠷᠠᠭᠤᠯᠬᠤ ᠨᠢ ᠯᠠᠪᠲᠠᠢ ᠶᠤᠮ᠃ | ᠪᠦᠯᠬᠦᠮᠳᠡᠨ ᠨᠢᠭᠲᠠᠷᠠᠵᠤ ᠬᠥᠭᠵᠢᠯᠲᠡ ᠶᠢ ᠡᠷᠢᠯᠬᠢᠯᠡᠵᠦ᠂ ᠣᠮᠤᠭ ᠵᠣᠷᠢᠭ ᠪᠠᠳᠠᠷᠠᠩᠭᠤᠢ ᠪᠠᠷ ᠢᠷᠡᠭᠡᠳᠦᠢ ᠵᠦᠭ ᠡᠷᠡᠮᠡᠬᠡᠶᠢᠯᠡᠨ ᠤᠷᠤᠭᠰᠢᠯᠠᠨ᠎ᠠ᠃ ᠰᠡᠭᠦᠯ | ᠬᠤᠷᠢᠶᠠᠬᠤ ᠵᠢᠯ ᠳᠤ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠳᠤ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠪᠠᠶᠢᠵᠤ᠂ ᠡᠷᠬᠡᠪᠰᠢ ᠴᠠᠭ | ᠮᠥᠴᠡ ᠲᠠᠢ ᠤᠷᠤᠯᠳᠤᠬᠤ ᠵᠣᠷᠢᠭ ᠰᠠᠨᠠᠭ᠎ᠠ ᠪᠠᠷ ᠴᠠᠭ ᠮᠥᠴᠡ ᠶᠢ ᠠᠯᠳᠠᠯ ᠦᠭᠡᠢ ᠲᠡᠮᠡᠴᠡᠬᠦ ᠠᠵᠢᠯᠯᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ | ᠬᠡᠷᠡᠭᠲᠡᠢ᠃ ᠴᠠᠭ ᠬᠥᠮᠥᠨ ᠢ ᠬᠦᠯᠢᠶᠡᠬᠦ ᠦᠭᠡᠢ᠂ ᠲᠡᠦᠬᠡ ᠬᠥᠮᠥᠨ ᠢ ᠬᠦᠯᠢᠶᠡᠬᠦ ᠦᠭᠡᠢ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠯᠬᠤᠮ ᠠᠯᠬᠤᠮ ᠢᠶᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠶ᠎ᠠ᠃ |