ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠲᠡᠦᠬᠡᠨ ᠳᠡᠭᠡᠷ᠎ᠡ | ᠠᠩᠬ᠎ᠠ ᠤᠳᠠᠭ᠎ᠠ ᠲᠤᠰᠬᠠᠢ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠳᠣᠲᠣᠭᠠᠳᠤ ᠶᠢᠨ ᠲᠤᠰᠬᠠᠢ ᠬᠠᠤᠯᠢ ᠲᠣᠭᠲᠠᠭᠠᠯ ᠢ ᠲᠣᠭᠲᠠᠭᠠᠪᠠ᠃ ᠶᠡᠷᠦᠩᠬᠡᠢ | ᠱᠦᠵᠢ ᠰᠢ ᠶᠢᠨ ᠫᠢᠩ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠲᠣᠭᠤᠷᠢᠨ ᠳᠤ ᠠᠯᠢ ᠤᠯᠠᠨ | ᠴᠢᠬᠤᠯᠠ ᠥᠭᠦᠯᠡᠯᠲᠡ ᠨᠡᠶᠢᠲᠡᠯᠡᠵᠦ᠂ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠳᠠᠭᠠᠨ ᠬᠡᠯᠪᠡᠷᠢᠴᠢ ᠦᠵᠡᠯ ᠢ ᠡᠰᠡᠷᠭᠦᠴᠡᠬᠦ ᠪᠠ ᠢᠯᠠᠨ ᠳᠠᠪᠠᠭ᠋ᠤ ᠶᠢ ᠡᠷᠡᠰ | ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠭᠡᠵᠦ ᠣᠯᠠᠨᠲᠠ ᠵᠠᠬᠢᠪᠠ᠃ ᠥᠪᠥᠷ | ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ ᠠᠰᠠᠭᠤᠳᠠᠯ ᠢ ᠰᠠᠶᠢᠵᠢᠷᠠᠭᠤᠯᠵᠤ᠂ ᠶᠣᠰᠣ ᠳᠦᠷᠢᠮ ᠲᠣᠭᠲᠠᠭᠠᠵᠤ᠂ ︽ᠳᠠᠷᠤᠭᠠᠰᠤ ᠶᠢ ᠬᠥᠩᠭᠡᠷᠡᠭᠦᠯᠬᠦ᠂ | ᠬᠦᠴᠦᠨ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠠᠬᠢᠭᠤᠯᠬᠤ︾ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠢᠳᠡᠪᠬᠢᠲᠡᠢ ᠦᠷ᠎ᠡ ᠪᠦᠲᠦᠮᠵᠢ | ᠣᠯᠪᠠ᠃ | ᠳᠠᠷᠤᠭᠠᠰᠤ ᠶᠢ ᠬᠥᠩᠭᠡᠷᠡᠭᠦᠯᠬᠦ – ᠦᠨᠳᠦᠰᠦᠨ ᠱᠠᠲᠤᠨ ᠤ ᠢᠯᠡᠭᠦᠴᠡ ᠡᠭᠦᠷᠭᠡᠯᠡᠵᠦ ᠪᠠᠶᠢᠭᠰᠠᠨ ︽ᠲᠡᠭᠡᠭᠡᠷ᠎ᠡ︾ ᠶᠢ ᠠᠪᠴᠤ ᠬᠠᠶᠠᠪᠠ | ᠶᠡᠷᠦᠩᠬᠡᠢ ᠱᠦᠵᠢ ᠰᠢ ᠶᠢᠨ ᠫᠢᠩ᠂ ︽ᠬᠡᠯᠪᠡᠷᠢᠴᠢ ᠦᠵᠡᠯ ᠤᠨ ᠮᠥᠨ ᠴᠢᠨᠠᠷ ᠪᠣᠯ ᠪᠡᠶᠡᠴᠢ ᠦᠵᠡᠯ᠂ ᠠᠰᠢᠭ ᠬᠠᠷᠠᠬᠤ ᠦᠵᠡᠯ ᠮᠥᠨ︾ ᠭᠡᠵᠦ ᠵᠢᠭᠠᠵᠤ | ᠭᠠᠷᠭᠠᠪᠠ᠃ ᠬᠡᠯᠪᠡᠷᠢᠴᠢ ᠦᠵᠡᠯ ᠨᠢ ᠦᠨᠳᠦᠰᠦᠨ ᠱᠠᠲᠤᠨ ᠳᠤ ᠢᠯᠡᠷᠡᠵᠦ ᠪᠠᠶᠢᠪᠠᠴᠤ ᠦᠨᠳᠦᠰᠦ ᠰᠤᠷᠪᠤᠯᠵᠢ ᠨᠢ ᠳᠡᠭᠡᠷ᠎ᠡ ᠱᠠᠲᠤᠨ ᠳᠤ ᠪᠠᠶᠢᠨ᠎ᠠ᠃ ᠥᠪᠥᠷ | ᠮᠣᠩᠭᠤᠯ ᠤᠨ ᠬᠢᠨ ᠡᠪᠡᠳᠴᠢᠨ ᠬᠠᠮᠢᠭ᠎ᠠ ᠠᠴᠠ ᠡᠭᠦᠰᠦᠭᠰᠡᠨ ᠪᠣᠯ ᠬᠠᠮᠢᠭ᠎ᠠ ᠠᠴᠠ ᠡᠬᠢᠯᠡᠵᠦ ᠡᠮᠨᠡᠬᠦ ᠶᠢ ᠪᠠᠷᠢᠮᠲᠠᠯᠠᠵᠤ᠂ ᠳᠡᠭᠡᠷ᠎ᠡ ᠠᠴᠠ ᠳᠣᠷᠣᠭᠰᠢ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠬᠢᠬᠦ᠂ ᠠᠵᠢᠯ ᠢ ᠠᠬᠢᠭᠤᠯᠬᠤ᠂ ᠡᠭᠦᠷᠭᠡ ᠶᠢ ᠬᠠᠮᠢᠶᠠᠷᠬᠤ ᠵᠡᠷᠭᠡ ᠭᠤᠭᠴᠤᠭ᠎ᠠ ᠶᠢ ᠠᠳᠬᠤᠵᠤ᠂ ᠶᠠᠷᠰᠢᠭ ᠲᠦᠪᠡᠭ ᠢ ᠠᠷᠢᠯᠭᠠᠨ | ᠲᠥᠭᠦᠮ ᠪᠤᠯᠭᠠᠬᠤ ᠳᠡᠭᠡᠷ᠎ᠡ ᠬᠦᠴᠦ ᠲᠠᠯᠪᠢᠵᠤ᠂ ᠬᠡᠯᠪᠡᠷᠢᠴᠢ ᠦᠵᠡᠯ ᠤᠨ ᠦᠨᠳᠦᠰᠦᠨ ᠱᠠᠲᠤᠨ ᠳᠤ ᠦᠵᠡᠭᠦᠯᠵᠦ ᠪᠠᠶᠢᠭ᠎ᠠ ᠬᠦᠯᠢᠶᠡᠰᠦᠯᠡᠯ ᠢ ᠬᠦᠴᠦᠯᠡᠨ ᠠᠷᠢᠯᠭᠠᠪᠠ᠃ | ᠦᠨᠳᠦᠰᠦᠨ ᠱᠠᠲᠤ ᠤᠷᠤᠭᠤ ᠳᠠᠷᠤᠵᠤ ᠢᠷᠡᠬᠦ ︽ᠲᠣᠮᠣ ᠠᠭᠤᠯᠠ︾ ᠶᠢ ᠨᠡᠭᠦᠯᠭᠡᠪᠡ᠃ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ ᠪᠢᠴᠢᠭ | ᠮᠠᠲ᠋ᠧᠷᠢᠶᠠᠯ ᠬᠤᠷᠠᠯ ᠬᠤᠢ ᠣᠯᠠᠳᠠᠬᠤ᠂ ᠭᠡᠳᠦ ᠶᠡᠭᠡ ᠪᠠᠷ ᠣᠷᠣᠮ ᠦᠯᠡᠳᠡᠭᠡᠬᠦ᠂ ᠡᠬᠡ ᠲᠠᠩᠰᠠ ᠣᠯᠠᠰᠢᠷᠠᠬᠤ᠂ ᠤᠭᠲᠤᠨ ᠠᠪᠴᠤ ᠦᠳᠡᠨ ᠮᠣᠷᠳᠠᠭᠤᠯᠬᠤ᠂ ᠳᠠᠭᠢᠨ | ᠳᠠᠪᠲᠠᠨ ᠬᠦᠰᠦᠨᠦᠭᠲᠦ ᠲᠠᠭᠯᠠᠵᠤ ᠲᠤᠭ᠎ᠠ ᠪᠠᠷᠢᠮᠲᠠ ᠮᠡᠳᠡᠭᠦᠯᠬᠦ ᠵᠡᠷᠭᠡ ᠠᠰᠠᠭᠤᠳᠠᠯ ᠤᠨ ᠲᠤᠬᠠᠢ ᠲᠤᠰᠬᠠᠯ ᠴᠢᠩᠭ᠎ᠠ ᠪᠠᠶᠢᠪᠠ᠃ ᠥᠪᠥᠷ ᠮᠣᠩᠭᠤᠯ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠡᠩ ᠲᠡᠷᠢᠭᠦᠨ ᠳᠤ ᠡᠲᠡᠭᠡᠷ ᠠᠰᠠᠭᠤᠳᠠᠯ ᠠᠴᠠ ᠭᠠᠷᠳᠠᠵᠤ ᠴᠡᠭᠴᠡᠯᠡᠨ ᠵᠠᠰᠠᠪᠠ᠃ ᠥᠩᠭᠡᠷᠡᠭᠰᠡᠨ ᠳᠤ ᠵᠠᠷᠢᠮ ᠬᠤᠰᠢᠭᠤ | ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠨᠢᠭᠡ ᠵᠢᠯ ᠳᠤ 3000 ᠭᠠᠷᠤᠢ ᠬᠤᠪᠢ ᠪᠢᠴᠢᠭ ᠮᠠᠲ᠋ᠧᠷᠢᠶᠠᠯ ᠭᠥᠯᠢᠶᠡᠨ ᠠᠪᠴᠤ᠂ ᠬᠤᠰᠢᠭᠤ ᠰᠢᠶᠠᠨ ᠤ ᠱᠠᠲᠤ | ᠨᠢᠭᠡ ᠤᠯᠠᠷᠢᠯ ᠳᠤ 170 ᠭᠠᠷᠤᠢ ᠤᠳᠠᠭ᠎ᠠ ᠬᠤᠷᠠᠯ ᠬᠤᠷᠠᠯᠳᠤᠭᠤᠯᠵᠤ᠂ ᠵᠠᠷᠢᠮ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ 500 ᠭᠠᠷᠤᠢ ᠵᠦᠢᠯ ᠤᠨ ᠬᠢᠨᠠᠨ | ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠬᠦ ᠴᠢᠬᠤᠯᠠᠲᠠᠢ ᠪᠠᠶᠢᠵᠤ᠂ ᠵᠠᠰᠠᠭ ᠤᠨ ᠶᠠᠪᠤᠳᠠᠯ ᠤᠨ ᠲᠤᠬᠠᠢ 50 ᠭᠠᠷᠤᠢ APP ᠶᠢ ᠠᠷᠭᠠᠴᠠᠭᠠᠬᠤ ᠴᠢᠬᠤᠯᠠᠲᠠᠢ | ᠪᠠᠶᠢᠵᠤ᠂ ᠵᠠᠷᠢᠮ ᠭᠠᠴᠠᠭ᠎ᠠ ᠲᠣᠰᠬᠤᠨ ᠨᠡᠶᠢᠭᠡᠮ ᠲᠣᠭᠤᠷᠢᠭ ᠨᠢ ᠲᠣᠮᠣ ᠪᠢᠰᠢ ᠪᠤᠯᠪᠠᠴᠤ 40 ᠭᠠᠷᠤᠢ ᠫᠠᠶᠢᠰᠠ ᠡᠯᠭᠦᠵᠦ᠂ ᠡᠳᠦᠷ ᠲᠤᠲᠤᠮ 30 ᠭᠠᠷᠤᠢ ᠢᠵᠢ | ᠬᠦᠰᠦᠨᠦᠭᠲᠦ ᠪᠠ ᠡᠬᠡ ᠲᠠᠩᠰᠠ ᠶᠢ ᠲᠠᠭᠯᠠᠨ ᠮᠡᠳᠡᠭᠦᠯᠬᠦ ᠴᠢᠬᠤᠯᠠᠲᠠᠢ ᠪᠠᠶᠢᠵᠤ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠤᠨ ᠵᠢᠷᠭᠢᠶ᠎ᠡ ᠶᠢᠨ ᠴᠤᠭᠯᠠᠷᠠᠯ ᠨᠢ | ᠠᠷᠪᠠᠨ ᠭᠡᠲᠦ ᠴᠢᠨᠠᠭᠰᠢᠯᠠᠪᠠᠯ ᠬᠡᠳᠦᠨ ᠠᠷᠪᠠ ᠪᠠᠶᠢᠵᠤ᠂ ᠦᠨᠳᠦᠰᠦᠨ ᠱᠠᠲᠤᠨ ᠤ ᠬᠢᠨ ᠣᠷᠳᠣ ᠬᠤᠭᠤᠴᠠᠭ᠎ᠠ ᠪᠠᠷ ︽ᠳᠠᠭᠠᠭᠠᠴᠠ ᠠᠴᠠ ᠬᠡᠲᠦᠷᠡᠭᠰᠡᠨ︾ | ᠪᠠᠶᠢᠳᠠᠯ ᠳᠤ ᠣᠷᠣᠰᠢᠵᠤ ᠪᠠᠶᠢᠪᠠ᠃ ᠡᠶᠢᠮᠦᠷᠬᠦᠦ ᠪᠠᠶᠢᠳᠠᠯ ᠳᠤ ᠴᠢᠭᠯᠡᠭᠦᠯᠦᠨ ᠥᠪᠥᠷ ᠮᠣᠩᠭᠤᠯ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ | ᠳᠦᠷᠢᠮ ᠲᠣᠭᠲᠠᠭᠠᠯ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ 2023 ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠬᠠᠭᠠᠰ ᠠᠴᠠ ᠳᠡᠭᠡᠭᠰᠢ ᠴᠣᠮᠬᠠᠳᠬᠠᠵᠤ᠂ ᠡᠬᠡ ᠲᠠᠩᠰᠠ ᠶᠢ 3/4 ᠰᠢᠬᠠᠮ ᠢᠯᠭᠠᠷᠠᠭᠤᠯᠤᠨ ᠴᠡᠭᠴᠡᠯᠡᠵᠦ᠂ ᠬᠤᠰᠢᠭᠤ | ᠰᠢᠶᠠᠨ ᠭᠦᠷᠲᠡᠯ᠎ᠠ ᠬᠢᠵᠦ ᠪᠠᠶᠢᠭᠰᠠᠨ ᠬᠤᠷᠠᠯ ᠢ 48.4% ᠪᠠᠷ ᠪᠠᠭᠠᠰᠬᠠᠪᠠ︔ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ | ᠲᠣᠭᠤᠷᠢᠭ︶ ᠤ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠰ ᠲᠣᠰ 20%᠂ 40%᠂ 55% ᠪᠠᠷ ᠪᠠᠭᠠᠰᠬᠠᠵᠤ᠂ ᠣᠳᠣᠬᠠᠨ ᠳᠤ ᠶᠠᠭ ᠲᠥᠪ ᠤᠨ | ᠱᠠᠭᠠᠷᠳᠠᠯᠭ᠎ᠠ ᠶᠣᠰᠣᠭᠠᠷ ᠤᠯᠠᠮ ᠨᠢᠭᠡ ᠠᠯᠬᠤᠮ ᠰᠢᠯᠢᠳᠡᠭᠵᠢᠭᠦᠯᠦᠨ ᠴᠣᠮᠬᠠᠳᠬᠠᠵᠤ ᠪᠠᠶᠢᠨ᠎ᠠ︔ ᠦᠨᠳᠦᠰᠦᠨ ᠱᠠᠲᠤᠨ ᠤ ᠲᠠᠭᠯᠠᠨ ᠮᠡᠳᠡᠭᠦᠯᠬᠦ ᠬᠦᠰᠦᠨᠦᠭᠲᠦ ᠶᠢ | 80% ᠰᠢᠬᠠᠮ ᠪᠠᠭᠠᠰᠬᠠᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠶᠠᠪᠤᠳᠠᠯ ᠤᠤᠯ ᠤᠨ ᠬᠢ ᠠᠴᠠ ᠬᠠᠭᠠᠰ ᠢᠯᠡᠭᠦᠦ ᠪᠠᠭᠠᠰᠴᠤ᠂ | ᠭᠠᠳᠠᠨ᠎ᠠ ᠡᠯᠭᠦᠬᠦ ᠫᠠᠶᠢᠰᠠ ᠲᠡᠮᠳᠡᠭ ᠢ 6 ᠪᠣᠯᠭᠠᠨ ᠪᠠᠭᠠᠰᠬᠠᠵᠤ᠂ ᠦᠨᠳᠦᠰᠦᠨ ᠱᠠᠲᠤᠨ ᠤ ᠺᠠᠳ᠋ᠷᠴᠤᠳ ᠤᠨ ᠭᠠᠷ ᠬᠥᠯ ᠢ ᠶᠡᠭᠡ ᠪᠠᠷ ᠴᠢᠯᠦᠭᠡᠯᠡᠵᠦ᠂ ᠲᠡᠳᠡᠨ ᠢ ᠨᠡᠩ | ᠤᠯᠠᠨ ᠴᠠᠭ ᠪᠠ ᠤᠶᠤᠨ ᠴᠢᠳᠠᠯ ᠢᠶᠠᠨ ᠰᠢᠪᠬᠠᠨ ᠠᠵᠢᠯ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠪᠣᠯᠭᠠᠪᠠ᠃ | ᠤᠤᠯ ᠳᠠᠭᠠᠨ ᠵᠠᠷᠢᠮ ᠬᠤᠰᠢᠭᠤ ᠰᠢᠶᠠᠨ ᠳᠤ ︽ᠬᠤᠶᠠᠷ ᠡᠳᠦᠷ ᠲᠤ ᠨᠢᠭᠡ ᠤᠳᠠᠭ᠎ᠠ ᠱᠠᠯᠠᠪᠳᠠᠭᠤᠯᠤᠨ ᠵᠢᠯᠤᠭᠤᠳᠬᠤ ᠬᠥᠮᠥᠰ ᠢᠷᠡᠵᠤ᠂ ᠭᠤᠷᠪᠠᠨ ᠡᠳᠦᠷ ᠲᠤ ᠨᠢᠭᠡ | ᠤᠳᠠᠭ᠎ᠠ ᠪᠠᠶᠢᠴᠠᠭᠠᠨ ᠰᠤᠳᠤᠯᠬᠤ ᠬᠥᠮᠥᠰ ᠢᠷᠡᠵᠤ︾ ᠪᠠᠶᠢᠪᠠ᠃ ᠣᠨᠴᠠ ᠵᠠᠷᠢᠮ ᠲᠣᠰᠬᠤᠨ ᠤ ᠬᠢᠨ ᠨᠢᠭᠡ ᠵᠢᠯ ᠳᠤ 200 ᠭᠠᠷᠤᠢ ᠪᠦᠯᠦᠭ 4000 ᠭᠠᠷᠤᠢ | ᠬᠥᠮᠥᠨ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠ ᠰᠢᠨᠵᠢᠯᠡᠨ ᠪᠠᠶᠢᠴᠠᠭᠠᠯᠲᠠ ᠶᠢ ᠭᠥᠯᠢᠶᠡᠨ ᠠᠪᠴᠤ᠂ ᠦᠨᠳᠦᠰᠦᠨ ᠱᠠᠲᠤᠨ ᠤ ᠬᠢᠨ ᠮᠠᠰᠢ ᠶᠠᠭᠠᠷᠠᠯᠲᠠᠢ ᠪᠠᠶᠢᠵᠤ᠂ | ᠲᠦᠢᠯ ᠢᠶᠠᠷ ᠶᠠᠳᠠᠷᠠᠵᠤ ᠪᠠᠶᠢᠵᠠᠢ᠃ ᠥᠪᠥᠷ ᠮᠣᠩᠭᠤᠯ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠲᠤ ᠬᠤᠪᠢᠶᠠᠨ ᠬᠠᠮᠢᠶᠠᠷᠬᠤ ᠶᠢ | ᠴᠢᠩᠭᠠᠳᠬᠠᠵᠤ᠂ ᠨᠢᠭᠡ ᠯᠡ ᠳᠡᠭᠡᠷ᠎ᠡ ᠲᠥᠪᠯᠡᠷᠡᠬᠦ᠂ ᠣᠯᠠᠨ ᠲᠠᠯ᠎ᠠ ᠠᠴᠠ᠂ ᠳᠠᠪᠬᠤᠷᠳᠠᠭᠤᠯᠤᠨ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ ᠶᠢ ᠡᠬᠢ | ᠡᠭᠦᠰᠦᠯ ᠠᠴᠠ ᠨᠢ ᠠᠷᠢᠯᠭᠠᠵᠤ᠂ ᠬᠠᠰᠤᠵᠤ ᠪᠤᠯᠬᠤ ᠲᠠᠰ ᠳᠠᠷᠠᠭᠠᠯᠠᠯ ᠪᠠ ᠠᠵᠢᠯᠲᠠᠨ ᠢ ᠴᠥᠮ ᠬᠠᠰᠤᠵᠤ᠂ ︽ᠳᠥᠷᠪᠡ ᠦᠭᠡᠢ ᠬᠤᠶᠠᠷ ᠰᠢᠭᠤᠳ︾ ᠠᠷᠭ᠎ᠠ | ᠮᠠᠶ᠋ᠢᠭ ᠢ ᠬᠡᠷᠡᠭᠯᠡᠵᠦ ᠪᠤᠯᠬᠤ ᠳᠤ ᠯᠡ ᠭᠦᠷᠪᠡᠯ ᠶᠠᠭᠠᠬᠢᠭᠰᠠᠨ ᠴᠤ ᠣᠯᠠᠨ ᠢ ᠬᠥᠳᠡᠯᠭᠡᠬᠦ ᠦᠭᠡᠢ ᠪᠠᠶᠢᠬᠤ ᠶᠢ ᠪᠡᠶᠡᠯᠡᠭᠦᠯᠵᠦ᠂ 2024 ᠣᠨ ᠤ ᠥᠪᠡᠷᠲᠡᠭᠡᠨ ᠵᠠᠰᠠᠬᠤ | ᠣᠷᠣᠨ ᠤ ᠬᠢᠨᠠᠨ ᠪᠠᠶᠢᠴᠠᠭᠠᠵᠤ ᠬᠢᠨᠠᠨ ᠰᠢᠯᠭᠠᠬᠤ ᠲᠥᠯᠥᠪᠯᠡᠭᠡ ᠪᠠ ᠪᠦᠷᠢᠳᠬᠡᠨ ᠳᠠᠩᠰᠠᠯᠠᠬᠤ ᠵᠦᠢᠯᠡᠰ ᠢ ᠲᠣᠰ ᠲᠣᠰ 50%᠂ 57% ᠪᠠᠷ ᠪᠠᠭᠠᠰᠬᠠᠪᠠ᠃ | ᠡᠭᠦᠨ ᠤ ᠬᠠᠮᠲᠤ ᠬᠤᠲᠠ ᠰᠢᠶᠠᠨ ᠵᠢᠴᠢ ᠲᠡᠭᠦᠨ ᠠᠴᠠ ᠳᠣᠷᠣᠭᠰᠢᠬᠢ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠭᠦ ᠠᠵᠢᠯᠯᠠᠭ᠎ᠠ᠂ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠳᠤ ᠬᠠᠨᠳᠤᠭᠤᠯᠤᠭᠰᠠᠨ ᠨᠡᠷᠡᠰ ᠤᠨ ᠵᠢᠭᠰᠠᠭᠠᠯᠲᠠ ᠶᠢ | ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠦᠨᠳᠦᠰᠦᠨ ᠱᠠᠲᠤᠨ ᠳᠤ ᠳᠠᠷᠤᠭᠠᠰᠤ ᠥᠭᠬᠦ ᠦᠭᠡᠢ ᠪᠠᠷ ᠴᠢᠷᠮᠠᠶᠢᠪᠠ᠃ | ᠳᠣᠣᠷ᠎ᠠ ᠱᠠᠲᠤ ᠲᠡᠶᠢᠰᠢ ᠪᠠᠨ ᠠᠵᠢᠯ ᠳᠠᠭᠠᠭᠠᠯᠭᠠᠬᠤ ︽ᠨᠡᠭᠡᠯᠡᠭᠡᠢ︾ ᠢ ᠴᠢᠩᠭ᠎ᠠ ᠬᠠᠭᠠᠪᠠ᠃ ᠬᠡᠯᠪᠡᠷᠢᠴᠢ ᠦᠵᠡᠯ ᠪᠣᠯ ᠵᠠᠰᠠᠬᠤ ᠳᠤ ᠪᠡᠷᠬᠡ ᠴᠢᠨᠠᠷ᠂ | ᠳᠠᠭᠢᠨ ᠳᠠᠪᠲᠠᠬᠤ ᠴᠢᠨᠠᠷ ᠲᠠᠢ ᠪᠠᠶᠢᠳᠠᠭ᠂ ᠭᠠᠭᠴᠠ ᠬᠦ ᠤᠳᠤ ᠪᠠᠶᠢᠭ᠎ᠠ ᠠᠰᠠᠭᠤᠳᠠᠯ ᠢ ᠠᠷᠢᠯᠭᠠᠨ ᠪᠠᠭᠠᠰᠬᠠᠬᠤ ᠶᠢᠨ ᠵᠡᠷᠭᠡ ᠪᠠᠷ ᠳᠠᠷᠤᠭᠠᠰᠤ ᠶᠢᠨ ᠨᠡᠮᠡᠭᠳᠡᠯ ᠤᠨ | ᠬᠡᠮᠵᠢᠶ᠎ᠡ ᠶᠢ ᠬᠢᠵᠠᠭᠠᠷᠯᠠᠪᠠᠯ ᠰᠠᠶ᠋ᠢ ᠦᠨᠳᠦᠰᠦᠨ ᠱᠠᠲᠤ ᠳᠠᠬᠢᠨᠲᠠ ᠶᠠᠷᠰᠢᠭ ᠲᠦᠪᠡᠭᠲᠡᠢ ᠬᠡᠷᠡᠭ ᠶᠠᠪᠤᠳᠠᠯ ᠳᠤ ︽ᠵᠢᠪᠭᠦ︾ ᠶᠢ ᠰᠡᠷᠭᠡᠶᠢᠯᠡᠵᠦ ᠴᠢᠳᠠᠨ᠎ᠠ᠃ ᠥᠪᠥᠷ | ᠮᠣᠩᠭᠤᠯ ᠮᠤᠵᠢ ᠶᠢᠨ ᠲᠡᠰ ᠤᠨ ᠤᠳᠤᠷᠢᠳᠬᠤ ᠺᠠᠳ᠋ᠷ ᠲᠦᠷᠦᠭᠦᠯᠡᠨ ᠬᠢᠬᠦ ᠶᠢ ᠪᠠᠷᠢᠮᠲᠠᠯᠠᠵᠤ᠂ ︽ᠮᠢᠨᠤ ᠬᠢᠭᠰᠡᠨ ᠬᠤᠷᠠᠯ ᠢᠶᠠᠨ ᠪᠢ ᠲᠤᠭᠤᠰᠢᠯᠠᠭᠤᠯᠵᠤ᠂ ᠮᠢᠨᠤ | ᠬᠢᠭᠰᠡᠨ ᠴᠣᠬᠤᠯᠠᠪᠤᠷᠢ ᠪᠠᠨ ᠪᠢ ᠨᠠᠶᠢᠳᠠᠪᠤᠷᠢᠵᠢᠭᠤᠯᠵᠤ᠂ ᠮᠢᠨᠤ ᠲᠣᠭᠲᠠᠭᠠᠭᠰᠠᠨ ᠲᠦᠷᠦ ᠶᠢᠨ ᠪᠣᠳᠣᠯᠭ᠎ᠠ ᠪᠠᠨ ᠪᠢ ᠪᠡᠶᠡᠯᠡᠭᠦᠯᠵᠦ᠂ ᠮᠢᠨᠤ ᠬᠢᠭᠰᠡᠨ ᠪᠠᠶᠢᠴᠠᠭᠠᠨ | ᠰᠤᠳᠤᠯᠤᠯᠲᠠ ᠪᠠᠨ ᠪᠢ ᠠᠬᠢᠭᠤᠯᠬᠤ︾ ᠶᠢ ᠪᠡᠶᠡᠯᠡᠭᠦᠯᠵᠦ᠂ ᠡᠯ᠎ᠡ ᠱᠠᠲᠤᠨ ᠤ ᠬᠢᠨ ᠲᠤᠰ ᠪᠡᠶ᠎ᠡ ᠶᠢᠨ ᠬᠠᠷᠢᠭᠤᠴᠠᠯᠭ᠎ᠠ ᠪᠠᠨ ᠡᠭᠦᠷᠭᠡᠯᠡᠬᠦ᠂ ᠬᠡᠨ ᠤ ᠬᠢᠬᠦ ᠶᠣᠰᠣᠲᠠᠢ | ᠠᠵᠢᠯ ᠢ ᠬᠡᠨ ᠬᠢᠬᠦ ᠶᠢ ᠠᠬᠢᠭᠤᠯᠵᠤ᠂ ᠱᠠᠲᠤ ᠱᠠᠲᠤ ᠪᠠᠷ ᠦᠨᠳᠦᠰᠦᠨ ᠱᠠᠲᠤᠨ ᠳᠤ ᠳᠠᠷᠤᠭᠠᠰᠤ ᠪᠠᠨ ᠰᠢᠯᠵᠢᠭᠦᠯᠬᠦ ᠠᠴᠠ ᠵᠠᠶᠢᠯᠠᠰᠬᠢᠪᠡ᠃ ᠠᠵᠢᠯ ᠤᠨ ᠳᠤᠮᠳᠠ ︽ | ᠬᠤᠶᠠᠷ ᠲᠠᠯ᠎ᠠ︾ ᠪᠠᠷ ᠠᠳᠬᠤᠬᠤ ᠶᠢ ᠴᠢᠬᠤᠯᠠᠴᠢᠯᠠᠪᠠ᠂ ᠨᠢᠭᠡ ᠨᠢ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ ᠰᠠᠶᠢᠲᠤᠷ ᠰᠤᠳᠤᠯᠤᠨ ᠨᠤᠲᠠᠯᠠᠵᠤ᠂ ︽ | ᠴᠢᠳᠠᠯ ᠤᠨ ᠬᠢᠷᠢ ᠪᠠᠷ ᠢᠶᠠᠨ ᠬᠢᠵᠦ︾᠂ ᠡᠯ᠎ᠡ ᠱᠠᠲᠤ ᠶᠢ ᠬᠥᠲᠥᠯᠥᠨ ᠵᠢᠯᠤᠭᠤᠳᠴᠤ ᠪᠦᠭᠦ ᠴᠢᠳᠠᠯ ᠢᠶᠠᠷ ᠢᠶᠠᠨ ᠬᠢᠬᠦ ᠪᠠᠷ ᠪᠠᠷᠠᠬᠤ ᠦᠭᠡᠢ ᠪᠠᠰᠠ ᠴᠢᠳᠠᠯ ᠠᠴᠠ ᠪᠠᠨ | ᠳᠡᠭᠡᠭᠦᠷ ᠰᠠᠨᠠᠭᠠᠷᠬᠠᠬᠤ ᠦᠭᠡᠢ ᠪᠠᠶᠢᠵᠤ᠂ ᠤᠷᠢᠳ ᠢᠶᠠᠷ ︽ᠲᠣᠭᠲᠠᠭᠰᠠᠨ ᠡᠭᠦᠷᠭᠡ︾ ᠪᠠᠨ ᠯᠠᠪᠳᠠᠭᠤᠨ ᠪᠠᠲᠤᠲᠠᠢ ᠪᠡᠶᠡᠯᠡᠭᠦᠯᠵᠦ᠂ ᠢᠯᠡᠭᠦᠴᠡ ᠴᠢᠳᠠᠪᠤᠷᠢ ᠲᠠᠢ ᠪᠣᠯ | ᠳᠠᠭᠢᠨ ︽ᠥᠪᠡᠷ ᠲᠡᠭᠡᠨ ᠡᠭᠦᠷᠭᠡ ᠲᠣᠭᠲᠠᠭᠠᠨ︾ ᠬᠢᠵᠦ᠂ ︽ᠵᠠᠰᠠᠭ ᠤᠨ ᠠᠵᠢᠯ ᠤᠨ ᠬᠢᠷᠢ ᠪᠦᠲᠦᠮᠵᠢ︾ ᠶᠢᠨ ᠲᠥᠯᠥᠭᠡ ᠱᠠᠲᠤ ᠱᠠᠲᠤ ᠪᠠᠷ ᠳᠠᠷᠤᠭᠠᠰᠤ | ᠨᠡᠮᠡᠬᠦ ᠠᠴᠠ ᠰᠡᠷᠭᠡᠶᠢᠯᠡᠪᠠ︔ ᠨᠦᠭᠦᠭᠡ ᠨᠢ ᠡᠭᠦᠷᠭᠡ ᠪᠠᠶᠢᠷᠢᠯᠠᠭᠤᠯᠤᠭᠰᠠᠨ ᠤ ᠲᠠᠷᠠᠭ᠎ᠠ ᠦᠨᠳᠦᠰᠦᠨ ᠱᠠᠲᠤᠨ ᠳᠤ ︽ᠲᠡᠶᠢᠯᠭᠦ ᠦᠭᠡᠢ︾ ᠭᠡᠵᠦ ᠬᠡᠯᠡᠬᠦ ᠡᠷᠬᠡ ᠥᠭᠴᠦ᠂ | ᠳᠣᠣᠷ᠎ᠠ ᠱᠠᠲᠤ ᠶᠢᠨ ᠬᠢᠨ ᠪᠡᠶᠡᠯᠡᠭᠦᠯᠬᠦ ᠳᠤ ᠦᠨᠡᠬᠡᠷ ᠬᠦᠴᠢᠷᠲᠡᠢ ᠪᠣᠯ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠵᠦ ᠲᠣᠳᠣᠷᠬᠠᠶᠢᠯᠠᠨ᠂ ᠳᠡᠭᠡᠷ᠎ᠡ ᠱᠠᠲᠤ ᠨᠢ | ᠲᠠᠭᠢᠨ ᠰᠤᠳᠤᠯᠤᠭᠰᠠᠨ ᠤ ᠲᠠᠷᠠᠭ᠎ᠠ ᠲᠠᠭᠢᠨ ᠲᠣᠬᠢᠷᠠᠭᠤᠯᠵᠤ ᠪᠣᠯᠣᠨ᠎ᠠ᠃ ᠥᠪᠥᠷ ᠮᠣᠩᠭᠤᠯ ᠬᠤᠰᠢᠭᠤ ᠰᠢᠶᠠᠨ ᠢᠶᠠᠷ ᠨᠢᠭᠡᠴᠢ ᠪᠣᠯᠭᠠᠨ ᠦᠨᠳᠦᠰᠦᠨ ᠱᠠᠲᠤᠨ ᠤ | ᠬᠡᠷᠡᠭ ᠶᠠᠪᠤᠳᠠᠯ ᠢ ᠰᠢᠰᠲ᠋ᠧᠮ ᠠᠵᠢᠯ ᠲᠦᠷᠦᠯ ᠬᠤᠪᠢᠶᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠬᠢᠷᠠᠭᠤᠯᠤᠭᠰᠠᠨ | ᠲᠦᠷ ᠴᠠᠭ ᠤᠨ ᠴᠢᠨᠠᠷᠲᠠᠢ ᠬᠡᠷᠡᠭ ᠶᠠᠪᠤᠳᠠᠯ ᠳᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠣᠳᠣᠬᠠᠨ ᠳᠤ ᠶᠠᠭ ᠦᠨᠳᠦᠰᠦᠨ ᠱᠠᠲᠤᠨ ᠠᠴᠠ | ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠳᠠᠷᠤᠭᠠᠰᠤ ᠶᠢ ᠬᠥᠩᠭᠡᠷᠡᠭᠦᠯᠦᠭᠰᠡᠨ ᠪᠣᠳᠠᠲᠤ ᠦᠷ᠎ᠡ ᠪᠦᠲᠦᠮᠵᠢ ᠶᠢ ᠦᠨᠡᠯᠡᠬᠦ ᠠᠷᠭ᠎ᠠ ᠶᠢ ᠰᠦᠪᠡᠭᠴᠢᠯᠡᠨ | ᠪᠠᠶᠢᠭᠤᠯᠵᠤ᠂ ᠬᠡᠯᠪᠡᠷᠢᠴᠢ ᠦᠵᠡᠯ ᠤᠨ ︽ᠤᠰᠤᠨ ᠭᠤᠭᠤᠵᠢᠭᠤᠷ ᠤᠨ ᠨᠡᠭᠡᠯᠡᠭᠡᠢ︾ ᠶᠢ ᠴᠢᠩᠭ᠎ᠠ ᠬᠠᠭᠠᠵᠤ᠂ ᠦᠨᠳᠦᠰᠦᠨ ᠱᠠᠲᠤᠨ ᠳᠤ ᠲᠠᠭᠢᠨ ᠡᠯ᠎ᠡ ᠵᠦᠢᠯ ᠤᠨ | ᠢᠯᠡᠭᠦᠴᠡ ᠳᠠᠷᠤᠭᠠᠰᠤ ᠶᠢ ᠥᠭᠴᠦ ᠬᠦᠨᠳᠦᠷᠡᠭᠦᠯᠬᠦ ᠠᠴᠠ ᠰᠡᠷᠭᠡᠶᠢᠯᠡᠪᠡ᠃ | ᠬᠦᠴᠦᠨ ᠣᠯᠭᠤᠬᠤ – ᠦᠨᠳᠦᠰᠦᠨ ᠱᠠᠲᠤᠨ ᠤ ᠡᠭᠦᠷᠭᠡ ᠬᠠᠷᠢᠭᠤᠴᠠᠯᠭ᠎ᠠ ᠡᠭᠦᠷᠭᠡᠯᠡᠬᠦ ︽ᠲᠡᠩᠬᠡᠭᠡ ᠴᠢᠳᠠᠯ︾ ᠢ ᠨᠡᠮᠡᠭᠳᠡᠭᠦᠯᠪᠡ | ᠦᠨᠳᠦᠰᠦᠨ ᠱᠠᠲᠤᠨ ᠤ ︽ᠴᠢᠳᠠᠯ ᠠᠴᠠ ᠨᠢ ᠠᠬᠠᠳᠠᠭᠤᠯᠬᠤ︾ ᠠᠰᠠᠭᠤᠳᠠᠯ ᠢ ᠰᠢᠢᠳᠪᠦᠷᠢᠯᠡᠬᠦ ᠳᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠮᠥᠷᠲᠡᠭᠡᠨ | ᠪᠠᠰᠠ ᠠᠵᠢᠯ ᠬᠢᠭᠰᠡᠳ ᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠥᠪᠥᠷ ᠮᠣᠩᠭᠤᠯ ᠬᠠᠰᠤᠵᠤ ᠨᠡᠮᠡᠬᠦ ᠶᠢ ᠵᠡᠷᠭᠡ ᠪᠠᠷ ᠬᠢᠬᠦ ᠶᠢ ᠪᠠᠷᠢᠮᠲᠠᠯᠠᠵᠤ᠂ ᠡᠬᠢ | ᠪᠠᠶᠠᠯᠢᠭ ᠤᠨ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ︽ᠶᠠᠰᠤ ᠰᠢᠷᠪᠦᠰᠦ ᠶᠢ ᠴᠢᠭᠢᠷᠠᠭᠵᠢᠭᠤᠯᠵᠤ︾᠂ ᠬᠠᠷᠠᠭᠠᠯᠵᠠᠭᠰᠠᠨ | ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ ᠪᠣᠯᠭᠠᠪᠠ᠃ | ᠡᠷᠬᠡ ᠬᠠᠷᠢᠭᠤᠴᠠᠯᠭ᠎ᠠ ᠬᠠᠷᠢᠯᠴᠠᠨ ᠵᠣᠬᠢᠴᠠᠬᠤ ᠶᠢ ᠠᠬᠢᠭᠤᠯᠪᠠ᠃ ᠦᠨᠳᠦᠰᠦᠨ ᠱᠠᠲᠤ ᠶᠢ ︽ᠠᠵᠢᠯ ᠶᠠᠪᠤᠳᠠᠯ ᠬᠢᠬᠦ ᠡᠷᠬᠡ ᠲᠠᠢ︾ ᠪᠤᠯᠭᠠᠬᠤ ᠶᠢᠨ | ᠲᠣᠭᠤᠷᠢᠨ ᠳᠤ ︽ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠬᠦ︾ ᠲᠤᠰᠬᠠᠢ | ᠠᠵᠢᠯᠯᠠᠭ᠎ᠠ ᠶᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠬᠢᠨᠠᠨ ᠵᠥᠪᠰᠢᠶᠡᠷᠡᠬᠦ ᠡᠷᠬᠡ ᠲᠠᠢ ᠰᠠᠯᠠᠭ᠎ᠠ ᠮᠥᠴᠢᠷ ᠲᠦᠷᠦᠭᠦᠯᠡᠨ ︽ᠴᠡᠭᠴᠡᠯᠡᠬᠦ᠂ | ᠵᠢᠷᠤᠮᠵᠢᠭᠤᠯᠬᠤ᠂ ᠬᠤᠷᠳᠤᠴᠠ ᠶᠢ ᠲᠦᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ︾ ᠶᠢᠨ ᠲᠣᠭᠤᠷᠢᠨ ᠳᠤ ᠲᠣᠭᠲᠠᠴᠠ ᠪᠠᠨ ᠥᠭᠡᠷᠡᠴᠢᠯᠡᠨ ᠰᠤᠷᠲᠠᠯ ᠢᠶᠠᠨ | ᠰᠠᠶᠢᠵᠢᠷᠠᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ | ᠨᠢᠭᠡᠴᠢ ᠶᠢᠨ ᠬᠦᠴᠦᠨ ᠦᠭᠡᠢ ᠪᠤᠯᠭᠠᠵᠤ ᠳᠣᠷᠣᠭᠰᠢ ᠪᠠᠭᠤᠯᠭᠠᠬᠤ ᠴᠢᠬᠤᠯᠠᠲᠠᠢ 581 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠪᠦᠭᠦᠨ ᠢ ᠬᠦᠴᠦᠨ ᠦᠭᠡᠢ | ᠪᠣᠯᠭᠠᠨ ᠳᠣᠷᠣᠭᠰᠢ ᠪᠠᠭᠤᠯᠭᠠᠵᠤ᠂ ︽ᠡᠷᠬᠡ︾ ᠶᠢ ︽ᠬᠠᠷᠢᠭᠤᠴᠠᠯᠭ᠎ᠠ︾ ᠲᠠᠢ ᠬᠠᠮᠲᠤ ᠳᠤᠨᠢ ᠦᠨᠳᠦᠰᠦᠨ ᠱᠠᠲᠤᠨ ᠳᠤ ᠪᠠᠭᠤᠯᠭᠠᠪᠠ᠃ ᠰᠢᠶᠠᠩ ᠲᠣᠰᠬᠤᠨ | ᠬᠤᠶᠠᠷ ᠱᠠᠲᠤᠨ ᠤ ᠠᠵᠢᠯ ᠤᠨ ᠬᠡᠷᠡᠭ ᠶᠠᠪᠤᠳᠠᠯ ᠤᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ 2023 ᠣᠨ ᠳᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠤᠤᠯ ᠤᠨ 152 ᠵᠦᠢᠯ ᠤᠨ ᠲᠤᠰᠢᠶᠠᠯ ᠬᠠᠷᠢᠭᠤᠴᠠᠯᠭ᠎ᠠ ᠶᠢᠨ ᠵᠦᠢᠯᠡᠰ ᠪᠣᠯᠣᠨ ᠰᠢᠶᠠᠨ ᠰᠢᠶᠠᠩ ᠤᠨ ᠬᠠᠮᠲᠤ ᠪᠠᠷ ᠡᠭᠦᠷᠭᠡᠯᠡᠵᠦ ᠪᠠᠶᠢᠭᠰᠠᠨ 221 ᠵᠦᠢᠯ ᠢ 148 | ᠵᠦᠢᠯ ᠪᠣᠯᠭᠠᠨ ᠨᠡᠶᠢᠳᠬᠡᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠵᠦᠢᠯᠡᠰ ᠢ 99 ᠵᠦᠢᠯ ᠪᠠᠶᠢᠭᠰᠠᠨ ᠠᠴᠠ 56 ᠵᠦᠢᠯ ᠪᠣᠯᠭᠠᠨ ᠰᠢᠯᠢᠳᠡᠭᠵᠢᠭᠦᠯᠵᠦ᠂ | 2024 ᠣᠨ ᠳᠤ ᠪᠠᠰᠠ 13 ᠬᠤᠰᠢᠭᠤ ᠰᠢᠶᠠᠨ ︵ᠬᠤᠲᠠ ᠲᠣᠭᠤᠷᠢᠭ︶ ᠤ 30 ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠣᠷᠣᠨ ᠲᠤᠭ᠎ᠠ ᠶᠢᠨ ᠲᠤᠰᠢᠶᠠᠯ | ᠬᠠᠷᠢᠭᠤᠴᠠᠯᠭ᠎ᠠ ᠪᠠᠨ ᠦᠨᠳᠦᠰᠦᠨ ᠳᠡᠭᠡᠨ ᠭᠦᠢᠴᠡᠳᠬᠡᠬᠦ᠂ ᠲᠤᠰᠢᠶᠠᠯ ᠬᠠᠷᠢᠭᠤᠴᠠᠯᠭ᠎ᠠ ᠪᠠᠨ ᠬᠠᠮᠵᠢᠯᠴᠠᠨ ᠭᠦᠢᠴᠡᠳᠬᠡᠬᠦ᠂ ᠳᠡᠭᠡᠷ᠎ᠡ ᠱᠠᠲᠤᠨ ᠤ ᠰᠠᠯᠠᠭ᠎ᠠ ᠮᠥᠴᠢᠷ ᠤᠨ | ᠬᠤᠷᠢᠶᠠᠨ ᠠᠪᠤᠭᠰᠠᠨ ︽ᠭᠤᠷᠪᠠᠨ ᠬᠠᠭᠤᠳᠠᠰᠤ ᠠᠵᠢᠯ ᠶᠠᠪᠤᠳᠠᠯ ᠤᠨ ᠨᠠᠷᠢᠨ ᠲᠠᠩᠰᠠ︾ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠡᠭᠦᠨ ᠤ ᠰᠠᠭᠤᠷᠢᠨ | ᠳᠡᠭᠡᠷ᠎ᠡ ︽ᠣᠷᠣᠨ ᠲᠤᠭ᠎ᠠ ᠨᠢ ᠤᠴᠢᠷ ᠶᠠᠪᠤᠳᠠᠯ ᠢᠶᠠᠨ ᠳᠠᠭᠠᠵᠤ ᠶᠠᠪᠤᠬᠤ᠂ ᠬᠥᠮᠥᠨ ᠨᠢ ᠣᠷᠣᠨ ᠲᠤᠭ᠎ᠠ ᠪᠠᠨ ᠲᠠᠭᠠᠵᠤ ᠶᠠᠪᠤᠬᠤ︾ ᠵᠠᠷᠴᠢᠮ ᠶᠣᠰᠣᠭᠠᠷ ᠣᠷᠣᠨ | ᠲᠤᠭ᠎ᠠ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠬᠡᠯᠪᠠᠶᠢᠯᠭᠡᠬᠦ ᠶᠢ ᠠᠬᠢᠭᠤᠯᠵᠤ᠂ ︽ᠬᠥᠮᠥᠨ ᠨᠢ ᠤᠴᠢᠷ ᠶᠠᠪᠤᠳᠠᠯ ᠢᠶᠠᠨ ᠳᠠᠭᠠᠵᠤ ᠶᠠᠪᠤᠬᠤ᠂ ᠵᠠᠷᠤᠳᠠᠯ ᠢ | ᠤᠴᠢᠷ ᠶᠠᠪᠤᠳᠠᠯ ᠳᠤᠨᠢ ᠳᠠᠭᠠᠭᠤᠯᠤᠨ ᠰᠢᠯᠵᠢᠭᠦᠯᠬᠦ︾ ᠵᠠᠷᠴᠢᠮ ᠢᠶᠠᠷ ᠦᠨᠳᠦᠰᠦᠨ ᠱᠠᠲᠤᠨ ᠤ ᠠᠵᠢᠯᠲᠠᠨ ᠪᠣᠯᠣᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ | ᠤᠴᠢᠷ ᠶᠠᠪᠤᠳᠠᠯ ᠪᠠ ᠡᠷᠬᠡ ᠲᠣᠳᠣᠷᠬᠠᠢ᠂ ᠬᠠᠷᠢᠭᠤᠴᠠᠯᠭ᠎ᠠ ᠴᠢᠳᠠᠪᠤᠷᠢ ᠬᠠᠷᠢᠯᠴᠠᠨ ᠵᠣᠬᠢᠴᠠᠬᠤ᠂ ᠲᠤᠰᠢᠶᠠᠯ ᠢᠶᠠᠨ ᠤᠷᠤᠭᠰᠢᠲᠠᠢ ᠭᠦᠢᠴᠡᠳᠬᠡᠬᠦ᠂ ᠪᠠᠲᠤᠯᠠᠭ᠎ᠠ | ᠬᠦᠴᠦᠲᠡᠢ ᠡᠷᠬᠡ ᠬᠠᠷᠢᠭᠤᠴᠠᠯᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠪᠠ᠃ ︽ᠵᠡᠭᠡᠯᠢ ᠭᠤᠳᠤᠮᠵᠢ ᠰᠢᠶᠠᠩ ᠪᠠᠯᠭᠠᠰᠤ ᠪᠠᠶᠢᠳᠠᠯ ᠢ ᠮᠡᠳᠡᠭᠦᠯᠬᠦ᠂ ᠰᠠᠯᠠᠭ᠎ᠠ | ᠮᠥᠴᠢᠷ ᠨᠡᠷ᠎ᠡ ᠮᠡᠳᠡᠭᠦᠯᠦᠨ ᠢᠷᠡᠵᠤ ᠰᠢᠢᠳᠪᠦᠷᠢᠯᠡᠬᠦ︾ ᠵᠡᠷᠭᠡ ᠪᠦᠲᠦᠮᠵᠢᠲᠡᠶ ᠠᠷᠭ᠎ᠠ ᠬᠢᠳᠡᠯ ᠢ ᠳᠡᠯᠭᠡᠷᠡᠭᠦᠯᠵᠦ᠂ ᠳᠡᠭᠡᠷ᠎ᠡ ᠱᠠᠲᠤᠨ ᠤ ᠰᠠᠯᠠᠭ᠎ᠠ ᠮᠥᠴᠢᠷ ᠬᠢᠭᠡᠳ | ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠬᠤ ᠲᠣᠭᠲᠠᠴᠠ᠂ ᠤᠴᠢᠷ ᠶᠠᠪᠤᠳᠠᠯ ᠢ | ᠵᠣᠬᠢᠴᠠᠭᠤᠯᠤᠨ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠦᠭᠡ ᠶᠢ ᠰᠣᠨᠣᠰᠬᠤ ᠬᠥᠮᠥᠨ ᠦᠭᠡᠢ᠂ ᠠᠵᠢᠯ | ᠶᠠᠪᠤᠳᠠᠯ ᠭᠦᠢᠴᠡᠳᠬᠡᠬᠦ ᠳᠤ ᠳᠠᠭᠠᠬᠤ ᠬᠥᠮᠥᠨ ᠦᠭᠡᠢ ᠪᠠᠶᠢᠬᠤ ᠵᠡᠷᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠪᠡ᠃ ᠦᠨᠳᠦᠰᠦᠨ ᠱᠠᠲᠤ ᠶᠢ ︽ᠠᠵᠢᠯ ᠬᠢᠬᠦ ᠬᠥᠮᠥᠨ ᠲᠠᠢ ᠪᠤᠯᠭᠠᠬᠤ︾ ᠶᠢᠨ ᠲᠣᠭᠤᠷᠢᠨ ᠳᠤ | ᠣᠯᠠᠨ ᠠᠷᠭ᠎ᠠ ᠬᠡᠮᠵᠢᠶ᠎ᠡ ᠪᠠᠷ ᠠᠵᠢᠯᠲᠠᠨ ᠤ ᠬᠦᠴᠦᠨ ᠢ ᠲᠣᠬᠢᠷᠠᠭᠤᠯᠪᠠ᠃ ᠥᠪᠥᠷ ᠮᠣᠩᠭᠤᠯ ︽ᠰᠢᠶᠠᠩ ᠠᠴᠠ ᠡᠯᠰᠡᠵᠦ ᠲᠣᠰᠬᠤᠨ ᠬᠡᠷᠡᠭᠯᠡᠬᠦ︾ ᠶᠢ ᠰᠦᠪᠡᠭᠴᠢᠯᠡᠨ | ᠬᠡᠷᠡᠭᠵᠢᠭᠦᠯᠵᠦ᠂ ᠣᠷᠣᠨ ᠲᠤᠭ᠎ᠠ ᠶᠢᠨ ︽ᠡᠷᠭᠢᠯᠲᠡ ᠶᠢᠨ ᠲᠠᠲᠠᠭᠠᠯ︾ ᠢ ᠪᠠᠶᠢᠭᠤᠯᠤᠨ᠂ ︽ᠭᠠᠴᠠᠭ᠎ᠠ ᠲᠣᠰᠬᠤᠨ ᠠᠴᠠ ᠬᠥᠮᠥᠨ ᠬᠡᠷᠡᠭᠯᠡᠬᠦ ᠬᠡᠷᠡᠭᠴᠡᠭᠡ ᠶᠢ | ᠳᠤᠷᠠᠳᠬᠤ – ᠰᠤᠮᠤ ᠰᠢᠶᠠᠩ ᠪᠠᠯᠭᠠᠰᠤ ᠠᠴᠠ ᠠᠩᠬ᠎ᠠ ᠠᠯᠬᠤᠮ ᠬᠢᠨᠠᠨ ᠪᠠᠶᠢᠴᠠᠭᠠᠵᠤ ᠬᠠᠷᠭᠤᠭᠤᠯᠬᠤ – ᠬᠤᠰᠢᠭᠤ ᠰᠢᠶᠠᠨ ᠲᠣᠭᠤᠷᠢᠭ ᠠᠴᠠ ᠳᠠᠭᠢᠨ | ᠬᠢᠨᠠᠬᠤ ᠶᠢᠨ ᠬᠠᠮᠲᠤ ᠳᠡᠭᠡᠭᠰᠢ ᠪᠠᠨ ᠭᠤᠶᠤᠴᠢᠯᠠᠬᠤ – ᠬᠤᠲᠠ ᠶᠢᠨ ᠱᠠᠲᠤᠨ ᠠᠴᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠨ ᠬᠡᠷᠡᠭᠯᠡᠬᠦ︾ ᠶᠢ | ᠬᠡᠷᠡᠭᠵᠢᠭᠦᠯᠵᠦ᠂ ᠨᠠᠩ ᠣᠯᠠᠨ ᠰᠢᠯᠢᠳᠡᠭ ᠴᠢᠳᠠᠪᠤᠷᠢᠲᠠᠨ ᠤ ᠭᠠᠴᠠᠭ᠎ᠠ ᠲᠣᠰᠬᠤᠨ ᠳᠤ ᠣᠴᠢᠵᠤ ᠦᠢᠯᠡᠴᠢᠯᠡᠬᠦ ᠶᠢ ᠠᠬᠢᠭᠤᠯᠤᠨ᠂ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯᠲᠠᠨ ᠤ ︽ᠰᠢᠨ᠎ᠡ ᠬᠠᠭᠤᠴᠢᠨ ᠬᠦᠴᠦᠨ ᠢ ᠵᠠᠯᠭᠠᠵᠤ ᠳᠡᠶᠢᠯᠭᠦ ᠦᠭᠡᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠣᠶᠢᠷ᠎ᠠ ᠬᠠᠪᠢ ᠳᠤᠨᠢ ᠠᠵᠢᠯ ᠲᠣᠬᠢᠷᠠᠭᠤᠯᠵᠤ ᠳᠥᠭᠦᠮ ᠦᠵᠡᠭᠦᠯᠭᠦ᠂ ᠠᠵᠢᠯᠯᠠᠵᠤ ᠰᠠᠭᠤᠬᠤ ᠶᠢ ᠬᠠᠮᠲᠤ ᠳᠤᠨᠢ ᠬᠠᠷᠠᠭᠠᠯᠵᠠᠬᠤ ᠵᠠᠷᠴᠢᠮ ᠶᠣᠰᠣᠭᠠᠷ ᠠᠶᠢᠮᠠᠭ ᠬᠤᠲᠠ | ᠪᠤᠶᠤ ᠬᠤᠰᠢᠭᠤ ᠰᠢᠶᠠᠨ ᠠᠴᠠ ᠨᠡᠶᠢᠭᠡᠮ ᠲᠣᠭᠤᠷᠢᠭ ᠤᠨ ᠠᠵᠢᠯᠲᠠᠨ ᠢ ᠨᠢᠭᠡᠳᠦᠯᠲᠡᠢ ᠰᠣᠩᠭᠤᠨ ᠤᠷᠢᠵᠤ᠂ ᠬᠥᠮᠥᠨ ᠰᠣᠩᠭᠤᠬᠤ ᠶᠠᠰᠤ ᠴᠢᠨᠠᠷ ᠢ ᠬᠠᠮᠤᠭ ᠤᠨ ᠶᠡᠭᠡ | ᠬᠡᠮᠵᠢᠶ᠎ᠡ ᠪᠠᠷ ᠪᠠᠲᠤᠯᠠᠵᠤ᠂ ᠨᠡᠶᠢᠭᠡᠮ ᠲᠣᠭᠤᠷᠢᠭ ᠤᠨ ᠬᠥᠮᠥᠨ ᠬᠡᠷᠡᠭᠯᠡᠬᠦ ᠳᠤ ᠳᠥᠭᠦᠮ ᠦᠵᠡᠭᠦᠯᠪᠡ᠃ ᠲᠣᠰᠬᠤᠨ ᠳᠤ ᠰᠠᠭᠤᠬᠤ ᠺᠠᠳ᠋ᠷ ᠢ ᠰᠢᠯᠢᠳᠡᠭ ᠢ ᠨᠢ ᠰᠣᠩᠭᠤᠨ | ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢ ᠰᠣᠩᠭᠤᠨ ᠲᠣᠮᠢᠯᠠᠬᠤ | ᠬᠠᠷᠢᠴᠠᠯ ᠢ 30% ᠠᠴᠠ ᠳᠣᠣᠷ᠎ᠠ ᠪᠠᠶᠢᠯᠭᠠᠬᠤ ᠦᠭᠡᠢ᠂ ᠠᠵᠢᠯ ᠤᠨ ᠠᠩᠭᠢ ᠶᠢᠨ ᠭᠡᠰᠢᠭᠦᠨ ᠢ ᠰᠣᠩᠭᠤᠨ ᠲᠣᠮᠢᠯᠠᠬᠤ ᠬᠠᠷᠢᠴᠠᠯ ᠢ 20% ᠠᠴᠠ ᠳᠣᠣᠷ᠎ᠠ | ᠪᠠᠶᠢᠯᠭᠠᠬᠤ ᠦᠭᠡᠢ ᠪᠠᠶᠢᠬᠤ ᠶᠢ ᠠᠬᠢᠭᠤᠯᠵᠤ᠂ ᠳᠡᠭᠡᠷ᠎ᠡ ᠱᠠᠲᠤᠨ ᠤ ᠬᠦᠴᠦᠨ ᠢ ᠡᠮᠦᠨ᠎ᠡ ᠹᠷᠣᠨᠲ ᠲᠤ ᠨᠠᠩ ᠣᠯᠠᠨ ᠣᠴᠢᠭᠤᠯᠪᠠ᠃ ︽ᠭᠠᠴᠠᠭ᠎ᠠ ᠲᠣᠰᠬᠤᠨ | ᠨᠡᠶᠢᠭᠡᠮ ᠲᠣᠭᠤᠷᠢᠭ ᠤᠨ ᠠᠵᠢᠯᠲᠠᠨ – ︿ᠬᠤᠶᠠᠷ ᠵᠥᠪᠯᠡᠯ﹀ ᠤᠨ ᠪᠦᠷᠢᠯᠳᠦᠭᠦᠨ – ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ – ᠠᠯᠪᠠᠲᠠᠨ ︵ᠠᠵᠢᠯ | ᠦᠢᠯᠡᠰ ᠤᠨ ᠣᠷᠣᠨ ᠲᠤᠭ᠎ᠠ ᠲᠠᠢ ᠠᠵᠢᠯᠲᠠᠨ︶ – ᠰᠢᠶᠠᠩ ᠰᠠᠯᠠᠭᠠᠨ ᠤ ᠲᠠᠰ ᠤᠨ ᠤᠳᠤᠷᠢᠳᠬᠤ ᠺᠠᠳ᠋ᠷ︾ ᠤᠨ ᠠᠵᠢᠯ ᠦᠢᠯᠡᠰ ᠤᠨ ᠬᠥᠭᠵᠢᠯᠲᠡ ᠶᠢᠨ ᠠᠷᠭ᠎ᠠ | ᠵᠠᠮ ᠢ ᠪᠠᠶᠢᠭᠤᠯᠵᠤ᠂ ᠦᠨᠳᠦᠰᠦᠨ ᠱᠠᠲᠤᠨ ᠤ ᠲᠠᠰ ᠳᠡᠪᠰᠢᠬᠦ ᠵᠠᠮ ᠢ ᠰᠢᠨ᠎ᠡ ᠶᠢ ᠡᠭᠦᠳᠦᠨ ᠥᠷᠭᠡᠳᠬᠡᠵᠦ᠂ ᠦᠨᠳᠦᠰᠦᠨ ᠱᠠᠲᠤᠨ ᠤ ᠺᠠᠳ᠋ᠷ ᠢ ᠨᠠᠩ ᠬᠦᠰᠡᠯ | ᠡᠷᠡᠮᠡᠯᠵᠡᠯ ᠲᠠᠢ ᠪᠠ ᠡᠷᠴᠢ ᠵᠣᠷᠢᠭ ᠲᠠᠢ ᠪᠣᠯᠭᠠᠪᠠ᠃ | ᠮᠡᠳᠡᠭᠡ ᠵᠠᠩᠭᠢ ᠶᠢᠨ ᠮᠡᠷᠭᠡᠵᠢᠯ ᠢ ᠰᠠᠶᠢᠲᠤᠷ ᠬᠡᠷᠡᠭᠯᠡᠪᠡ᠃ ᠦᠨᠳᠦᠰᠦᠨ ᠱᠠᠲᠤ ᠶᠢ ︽ᠨᠡᠩ ᠰᠠᠶᠢᠲᠤᠷ ᠠᠵᠢᠯ ᠬᠢᠯᠭᠡᠬᠦ︾ ᠶᠢᠨ ᠲᠣᠭᠤᠷᠢᠨ ᠳᠤ ᠦᠨᠳᠦᠰᠦᠨ | ᠱᠠᠲᠤᠨ ᠤ ︽ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠭᠦ ᠤᠯᠤᠰ ᠲᠤ ᠬᠠᠮᠤᠭ ᠤᠨ | ᠲᠦᠷᠦᠭᠦᠨ ᠳᠤ ᠮᠤᠵᠢ ᠶᠢᠨ ᠬᠡᠪᠴᠢᠶᠡᠨ ᠤ ︽ᠨᠢᠭᠡ ᠬᠦᠰᠦᠨᠦᠭᠲᠦ ᠪᠠᠷ ᠨᠡᠪᠲᠡᠷᠡᠬᠦ︾ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ 103 ᠬᠤᠰᠢᠭᠤ ᠰᠢᠶᠠᠨ ︵ | ᠬᠤᠲᠠ ᠲᠣᠭᠤᠷᠢᠭ︶ ᠤ 3700 ᠭᠠᠷᠤᠢ ᠰᠠᠯᠠᠭ᠎ᠠ ᠮᠥᠴᠢᠷ ᠵᠢᠴᠢ ᠪᠤᠶ ᠪᠦᠬᠦᠢ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢ ᠪᠦᠭᠦᠨ ᠢ ᠪᠦᠷᠬᠦᠭᠦᠯᠬᠦ ᠶᠢ | ᠪᠡᠶᠡᠯᠡᠭᠦᠯᠦᠨ᠂ ᠦᠨᠳᠦᠰᠦᠨ ᠱᠠᠲᠤᠨ ᠤ ᠲᠤᠭ᠎ᠠ ᠪᠠᠷᠢᠮᠲᠠ ᠶᠢ ᠬᠡᠵᠢᠶ᠎ᠡ ᠬᠤᠪᠢᠷᠠᠭᠤᠯᠪᠠᠯ ᠬᠡᠵᠢᠶ᠎ᠡ ᠰᠢᠨᠡᠴᠢᠯᠡᠵᠦ᠂ ᠳᠡᠭᠡᠷ᠎ᠡ ᠱᠠᠲᠤᠨ ᠤ ᠬᠢᠨ ᠬᠡᠵᠢᠶ᠎ᠡ ᠬᠡᠷᠡᠭᠯᠡᠪᠡᠯ | ᠬᠡᠵᠢᠶ᠎ᠡ ᠠᠪᠴᠤ ᠬᠡᠷᠡᠭᠯᠡᠵᠦ ᠪᠤᠯᠬᠤ ᠪᠣᠯᠭᠠᠨ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠶᠠᠪᠤᠴᠠ ᠶᠢ ᠲᠦᠢᠯ ᠤᠨ ᠶᠡᠭᠡ ᠪᠠᠷ ᠰᠢᠯᠢᠳᠡᠭᠵᠢᠭᠦᠯᠵᠦ᠂ ︽ᠲᠤᠭ᠎ᠠ | ᠪᠠᠷᠢᠮᠲᠠ ᠶᠢ ᠢᠯᠡᠭᠦᠦ ᠭᠦᠶᠦᠯᠭᠡᠵᠦ᠂ ᠦᠨᠳᠦᠰᠦᠨ ᠱᠠᠲᠤᠨ ᠤ ᠶᠠᠷᠰᠢᠭ ᠲᠦᠪᠡᠭ ᠢ ᠪᠠᠭᠠᠰᠬᠠᠬᠤ︾ ᠶᠢ ᠪᠡᠶᠡᠯᠡᠭᠦᠯᠪᠡ᠃ ︽ᠰᠦᠯᠵᠢᠶ᠎ᠡ + ᠲᠣᠣᠷᠵᠢᠯ︾ ᠶᠢᠨ | ᠵᠠᠰᠠᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ︽ᠢᠯᠡᠭᠦᠬᠡᠨ ᠦᠨᠡᠯᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠤᠳᠤᠯᠤᠨ ᠨᠡᠭᠡᠭᠡᠵᠦ ᠳᠡᠯᠭᠡᠷᠡᠭᠦᠯᠦᠨ᠂ | ᠨᠡᠶᠢᠭᠡᠮ ᠤᠨ ᠬᠠᠮᠢᠶᠠᠷᠤᠯᠲᠠ᠂ ᠠᠷᠠᠳ ᠤᠨ ᠪᠠᠶᠢᠳᠠᠯ ᠤᠨ ᠣᠯᠣᠯᠴᠠᠭ᠎ᠠ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠵᠡᠷᠭᠡ ᠴᠢᠳᠠᠮᠵᠢ ᠶᠢ ᠲᠠᠪᠴᠠᠩ ᠳᠤ | ᠣᠷᠣᠭᠤᠯᠵᠤ᠂ ᠰᠦᠯᠵᠢᠶᠡᠨ ᠳᠡᠭᠡᠷᠡᠬᠢ ᠪᠠᠷ ᠪᠣᠳᠠᠲᠤ ᠴᠣᠭᠴᠠ ᠶᠢ ᠠᠬᠢᠭᠤᠯᠵᠤ᠂ ᠦᠯᠦ ᠦᠵᠡᠭᠳᠡᠬᠦ ᠪᠠᠷ ᠦᠵᠡᠭᠳᠡᠬᠦ ᠶᠢ ᠠᠬᠢᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢᠨ ᠰᠢᠰᠲ᠋ᠧᠮᠲᠦ ᠴᠢᠨᠠᠷ ᠪᠠ ᠳᠥᠭᠦᠮ ᠲᠦᠷᠭᠡᠨ ᠤ ᠬᠡᠮᠵᠢᠶ᠎ᠡ ᠶᠢ ᠳᠡᠭᠡᠭᠰᠢᠯᠡᠭᠦᠯᠪᠡ᠃ | ᠬᠦᠴᠢᠷᠳᠡᠯ ᠢ ᠰᠢᠢᠳᠪᠦᠷᠢᠯᠡᠬᠦ – ᠦᠨᠳᠦᠰᠦᠨ ᠱᠠᠲᠤᠨ ᠤ ︽ᠳᠠᠭᠠᠭᠠᠴᠠ︾ ᠠᠴᠠ ᠪᠠᠨ ᠬᠡᠲᠦᠷᠡᠭᠰᠡᠨ ᠬᠦᠨᠳᠦ ᠳᠠᠷᠤᠭᠠᠰᠤ ᠶᠢ ᠬᠤᠪᠢᠶᠠᠯᠴᠠᠨ | ᠡᠭᠦᠷᠭᠡᠯᠡᠪᠡ | ᠬᠦᠴᠢᠷᠳᠡᠯ ᠢ ᠰᠢᠢᠳᠪᠦᠷᠢᠯᠡᠬᠦ ᠪᠣᠯ ᠬᠠᠮᠤᠭ ᠤᠨ ᠰᠠᠶᠢᠨ ᠳᠠᠷᠤᠭᠠᠰᠤ ᠶᠢ ᠬᠥᠩᠭᠡᠷᠡᠭᠦᠯᠬᠦ ᠶᠠᠪᠤᠳᠠᠯ ᠮᠥᠨ᠃ ᠶᠡᠷᠦᠩᠬᠡᠢ ᠱᠦᠵᠢ ᠰᠢ ᠶᠢᠨ ᠫᠢᠩ ᠠᠯᠢ ᠡᠷᠲᠡ | ᠵᠧᠵᠢᠶᠠᠩ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ ︽ᠳᠡᠭᠡᠷ᠎ᠡ ᠱᠠᠲᠤᠨ ᠠᠴᠠ ᠨᠢᠭᠡ ᠪᠦᠯᠦᠭ ᠬᠦᠴᠦᠨ ᠢ ᠰᠤᠯᠠᠯᠠᠵᠤ ᠦᠨᠳᠦᠰᠦᠨ ᠱᠠᠲᠤᠨ ᠤ ᠠᠵᠢᠯ ᠢ | ᠬᠤᠪᠢᠶᠠᠯᠴᠠᠨ ᠡᠭᠦᠷᠭᠡᠯᠡᠬᠦ ᠬᠡᠷᠡᠭᠲᠡᠢ︾ ᠭᠡᠵᠦ ᠳᠤᠷᠠᠳᠪᠠ᠃ ᠥᠪᠥᠷ ᠮᠣᠩᠭᠤᠯ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠠᠳᠠᠯᠢ | ᠰᠡᠳᠦᠪ ᠢ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠶᠢ ᠬᠥᠲᠥᠯᠥᠨ ᠵᠢᠯᠤᠭᠤᠳᠴᠤ ᠰᠠᠨᠠᠭᠠᠴᠢᠯᠠᠭ᠎ᠠ ᠠᠴᠠ ᠪᠠᠨ | ᠦᠨᠳᠦᠰᠦᠨ ᠱᠠᠲᠤ ᠶᠢ ᠬᠠᠪᠰᠤᠷᠤᠨ ᠲᠤᠯᠭᠠᠷᠠᠭᠰᠠᠨ ᠬᠦᠴᠢᠷᠳᠡᠯ ᠢ ᠨᠢ ᠰᠤᠳᠤᠯᠤᠨ ᠰᠢᠢᠳᠪᠦᠷᠢᠯᠡᠵᠦ ᠥᠭᠭᠦᠨ᠂ ᠦᠨᠳᠦᠰᠦᠨ ᠱᠠᠲᠤ ᠲᠠᠢ ᠬᠠᠮᠲᠤ ᠪᠠᠷ ︽ | ᠡᠭᠦᠷᠭᠡᠯᠡᠯ︾ ᠢ ᠳᠠᠭᠠᠭᠠᠵᠤ ᠠᠪᠤᠪᠠ᠃ | ᠨᠢᠭᠡ ᠲᠠᠯ᠎ᠠ ᠪᠠᠷ ᠦᠨᠳᠦᠰᠦᠨ ᠱᠠᠲᠤᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃ ᠦᠨᠳᠦᠰᠦᠨ | ᠱᠠᠲᠤᠨ ᠤ ᠬᠥᠮᠥᠨ ᠨᠢ ᠠᠵᠢᠯ ᠠᠴᠠ ᠪᠠᠨ ᠢᠯᠡᠭᠦᠳᠡᠵᠦ ᠪᠠᠶᠢᠭ᠎ᠠ ᠪᠠ ᠪᠦᠲᠦᠴᠡ ᠶᠢᠨ ᠴᠢᠨᠠᠷᠲᠠᠢ ᠬᠥᠮᠥᠨ ᠲᠤᠲᠠᠭᠳᠠᠵᠤ ᠪᠠᠶᠢᠭ᠎ᠠ ᠶᠠᠪᠤᠳᠠᠯ ᠵᠡᠷᠭᠡ ᠪᠠᠷ ᠣᠷᠣᠰᠢᠵᠤ | ᠪᠠᠶᠢᠭ᠎ᠠ ᠪᠠᠶᠢᠳᠠᠯ ᠳᠤ ᠴᠢᠭᠯᠡᠭᠦᠯᠦᠨ ᠬᠡᠷᠡᠭᠴᠡᠭᠡ ᠶᠣᠰᠣᠭᠠᠷ ᠲᠣᠰᠬᠤᠨ ᠳᠤ ᠰᠠᠭᠤᠭ᠎ᠠ ᠺᠠᠳ᠋ᠷ ᠢ ᠲᠣᠬᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠰᠤᠮᠤ ᠰᠢᠶᠠᠩ ᠪᠠᠯᠭᠠᠰᠤ ᠶᠢᠨ ᠺᠠᠳ᠋ᠷ ᠢ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ | ᠨᠡᠶᠢᠲᠡᠯᠡᠵᠦ᠂ ᠰᠤᠮᠤ ᠰᠢᠶᠠᠩ ᠪᠠᠯᠭᠠᠰᠤ ᠶᠢᠨ ᠺᠠᠳ᠋ᠷ ᠤᠨ ᠣᠷᠣᠯᠭ᠎ᠠ ᠶᠢ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠳᠠᠯᠢ | ᠲᠤᠰᠢᠶᠠᠯ ᠤᠨ ᠲᠠᠰ ᠤᠨ ᠠᠵᠢᠯᠲᠠᠨ ᠤ ᠤᠷᠤᠯᠭ᠎ᠠ ᠠᠴᠠ 20% ᠠᠴᠠ ᠳᠡᠭᠡᠭᠦᠷ ᠬᠥᠳᠡᠯᠦᠩᠭᠦᠢ ᠪᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ᠂ ᠰᠤᠮᠤ ᠰᠢᠶᠠᠩ | ᠪᠠᠯᠭᠠᠰᠤ ᠶᠢᠨ ᠠᠯᠪᠠᠲᠠᠨ ᠤ ᠰᠠᠷ᠎ᠠ ᠶᠢᠨ ᠴᠠᠯᠢᠩ ᠢ ᠬᠥᠮᠥᠨ ᠪᠦᠷᠢ ᠳᠤ ᠳᠤᠮᠳᠠᠴᠢ ᠪᠠᠷ 860 ᠲᠥᠭᠦᠷᠢᠭ ᠨᠡᠮᠡᠭᠳᠡᠭᠦᠯᠵᠦ᠂ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠤ ᠰᠠᠷ᠎ᠠ ᠶᠢᠨ ᠴᠠᠯᠢᠩ ᠢ ᠬᠥᠮᠥᠨ ᠪᠦᠷᠢ ᠳᠤᠮᠳᠠᠴᠢ ᠪᠠᠷ 913 ᠲᠥᠭᠦᠷᠢᠭ ᠨᠡᠮᠡᠭᠳᠡᠭᠦᠯᠪᠡ᠃ ᠨᠡᠶᠢᠭᠡᠮ ᠲᠣᠭᠤᠷᠢᠭ ᠲᠤ ︽ᠭᠤᠷᠪᠠᠨ ᠠᠵᠢᠯ ᠤᠨ ᠪᠠᠶᠢᠷᠢ | ᠠᠷᠪᠠᠨ ᠨᠠᠢᠮᠠᠨ ᠲᠠᠰ︾ ᠤᠨ ᠠᠵᠢᠯ ᠮᠡᠷᠭᠡᠵᠢᠭᠰᠡᠨ ᠴᠠᠯᠢᠩ ᠬᠥᠯᠥᠰᠦ ᠶᠢᠨ ᠰᠢᠰᠲ᠋ᠧᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ | ᠴᠠᠯᠢᠩ ᠬᠥᠯᠥᠰᠦ ᠶᠢ ᠰᠠᠷ᠎ᠠ ᠪᠦᠷᠢ ᠳᠤᠮᠳᠠᠴᠢ ᠪᠠᠷ 900 ᠲᠥᠭᠦᠷᠢᠭ ᠣᠷᠴᠢᠮ ᠨᠡᠮᠡᠭᠳᠡᠭᠦᠯᠪᠡ᠃ ᠡᠨᠡ ᠬᠦ ᠰᠠᠭᠤᠷᠢᠨ ᠳᠡᠭᠡᠷ᠎ᠡ ᠲᠤᠰᠢᠶᠠᠯ ᠤᠨ ᠳᠡᠰ ᠲᠤᠰᠢᠶᠠᠯ ᠤᠨ | ᠲᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠤᠰᠢᠶᠠᠯ ᠤᠨ ᠳᠡᠰ ᠤᠨ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤ ᠲᠡᠶᠢᠰᠢ | ᠬᠡᠯᠪᠠᠶᠢᠯᠭᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠴᠢᠳᠠᠪᠤᠷᠢᠲᠠᠨ ᠢ ᠲᠠᠲᠠᠬᠤ ᠬᠦᠴᠦᠨ ᠢ ᠨᠡᠮᠡᠭᠳᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠰᠠᠨᠠᠭ᠎ᠠ | ᠠᠮᠤᠷ ᠠᠵᠢᠯᠯᠠᠬᠤ ᠶᠢ ᠠᠬᠢᠭᠤᠯᠪᠠ᠃ ᠦᠨᠳᠦᠰᠦᠨ ᠱᠠᠲᠤᠨ ᠤ ᠺᠠᠳ᠋ᠷᠴᠤᠳ ᠤᠨ ᠶᠡᠭᠡ ᠬᠡᠮᠵᠢᠶᠡᠨ ᠤ ᠴᠠᠭ ᠪᠠ ᠤᠶᠤᠨ ᠴᠢᠳᠠᠯ ᠢᠶᠠᠨ ᠬᠡᠷᠡᠭᠯᠡᠵᠦ ᠪᠠᠶᠢᠭ᠎ᠠ ᠵᠠᠬᠢᠳᠠᠯ | ᠰᠤᠷᠪᠤᠯᠵᠢᠯᠠᠯ ᠤᠨ ᠠᠰᠠᠭᠤᠳᠠᠯ ᠪᠠ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠠᠵᠢᠯ ᠳᠤ ᠴᠢᠭᠯᠡᠭᠦᠯᠦᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ᠂ | ᠠᠬᠠᠮᠠᠳ ᠺᠠᠳ᠋ᠷ᠂ ᠲᠤᠤᠷᠵᠢᠭᠤᠯᠤᠯᠳᠠ ᠶᠢᠨ ᠬᠠᠮᠢᠶᠠᠷᠤᠯᠲᠠ ᠶᠢᠨ ᠠᠵᠢᠯᠲᠠᠨ᠂ ᠬᠥᠳᠡᠭᠡ ᠲᠤᠰᠬᠤᠨ ᠤ ᠴᠢᠳᠠᠪᠤᠷᠢᠲᠠᠨ ᠵᠡᠷᠭᠡ ᠡᠬᠢ ᠪᠠᠶᠠᠯᠢᠭ ᠢ ᠡᠮᠬᠢᠳᠬᠡᠵᠦ᠂ | ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠲᠠᠪᠤᠨ ᠱᠠᠲᠤᠨ ᠤ ᠨᠡᠪᠲᠡᠷᠡᠯᠴᠡᠭᠰᠡᠨ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠰᠢᠰᠲ᠋ᠧᠮ ᠢ ᠪᠠᠶᠢᠭᠤᠯᠵᠤ᠂ ︽ᠤᠯᠠᠨ ᠲᠦᠮᠡᠨ ᠳᠡᠭᠡᠭᠰᠢ ᠵᠠᠬᠢᠳᠠᠯ ᠰᠤᠷᠪᠤᠯᠵᠢᠯᠠᠯ ᠬᠢᠬᠦ ᠶᠢ ᠭᠥᠯᠢᠶᠡᠨ ᠠᠪᠴᠤ | ᠪᠠᠶᠢᠭᠰᠠᠨ︾ ᠢ ︽ᠤᠯᠠᠨ ᠲᠦᠮᠡᠨ ᠢ ᠣᠷᠣᠯᠠᠨ ᠵᠠᠬᠢᠳᠠᠯ ᠰᠤᠷᠪᠤᠯᠵᠢᠯᠠᠯ ᠬᠢᠬᠦ︾ ᠪᠠ ︽ᠰᠠᠨᠠᠭᠠᠴᠢᠯᠠᠭ᠎ᠠ ᠦᠭᠡᠢ ᠪᠠᠷ ᠵᠥᠷᠢᠴᠡᠯ ᠢ ᠠᠷᠢᠯᠭᠠᠵᠤ ᠪᠠᠶᠢᠭᠰᠠᠨ︾ ᠢ ︽ | ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠬᠦ︾ ᠪᠣᠯᠭᠠᠨ ᠬᠤᠪᠢᠷᠠᠭᠤᠯᠪᠠ᠃ 2024 ᠣᠨ ᠠᠴᠠ ᠨᠠᠭᠠᠰᠢ᠂ ᠪᠦᠭᠦ ᠣᠷᠣᠨ ᠤ ᠡᠯ᠎ᠡ ᠱᠠᠲᠤᠨ ᠤ ᠬᠢᠨ | ᠵᠠᠬᠢᠳᠠᠯ ᠰᠤᠷᠪᠤᠯᠵᠢᠯᠠᠯ ᠵᠢᠴᠢ ᠪᠤᠰᠤᠳ ᠵᠦᠢᠯᠡᠰ ᠢ ᠨᠡᠶᠢᠲᠡ 2.5 ᠲᠦᠮᠡ ᠭᠠᠷᠤᠢ ᠬᠤᠪᠢ ᠣᠷᠣᠯᠠᠨ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ | ᠨᠣᠷᠮ᠎ᠠ ᠨᠢ 90% ᠶᠢ ᠳᠠᠪᠠᠵᠤ᠂ ᠨᠢᠭᠡ ᠪᠦᠯᠦᠭ ᠣᠯᠠᠨ ᠲᠦᠮᠡᠨ ᠤ ᠪᠠᠴᠢᠮᠳᠠᠵᠤ ᠪᠠᠶᠢᠭᠰᠠᠨ᠂ ᠦᠨᠳᠦᠰᠦᠨ ᠱᠠᠲᠤᠨ ᠤ ᠬᠦᠴᠢᠷᠳᠡᠵᠦ ᠪᠠᠶᠢᠭᠰᠠᠨ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ | ᠨᠦᠭᠦᠭᠡ ᠲᠠᠯ᠎ᠠ ᠪᠠᠷ ᠦᠨᠳᠦᠰᠦᠨ ᠱᠠᠲᠤᠨ ᠤ ᠠᠰᠠᠭᠤᠳᠠᠯ ᠢ ᠳᠡᠭᠡᠭᠰᠢ ᠲᠤᠰᠬᠠᠬᠤ ᠠᠷᠭ᠎ᠠ ᠵᠠᠮ ᠢ ᠰᠢᠯᠤᠭᠤᠳᠬᠠᠪᠠ᠃ ᠦᠨᠳᠦᠰᠦᠨ ᠱᠠᠲᠤᠨ ᠳᠤ | ᠰᠢᠢᠳᠪᠦᠷᠢᠯᠡᠬᠦ ᠴᠢᠳᠠᠯ ᠦᠭᠡᠢ ᠪᠤᠶᠤ ᠰᠢᠢᠳᠪᠦᠷᠢᠯᠡᠬᠦ ᠡᠷᠬᠡ ᠦᠭᠡᠢ ᠬᠦᠴᠢᠷᠳᠡᠯ ᠪᠠ ᠠᠰᠠᠭᠤᠳᠠᠯ ᠲᠣᠬᠢᠶᠠᠯᠳᠤᠪᠠᠯ ᠳᠡᠭᠡᠷ᠎ᠡ ᠱᠠᠲᠤᠨ ᠳᠠᠭᠠᠨ ᠴᠠᠭ ᠲᠤᠬᠠᠢ ᠳᠤᠨᠢ | ᠮᠡᠳᠡᠭᠦᠯᠵᠦ᠂ ᠳᠡᠭᠡᠷ᠎ᠡ ᠱᠠᠲᠤ ᠨᠢ ᠮᠡᠳᠡᠭᠰᠡᠨ ᠤ ᠲᠠᠷᠠᠭ᠎ᠠ ᠲᠦᠷᠭᠡᠨ ᠰᠢᠢᠳᠪᠦᠷᠢᠯᠡᠪᠡᠯ ᠰᠠᠶ᠋ᠢ ᠪᠠᠭ᠎ᠠ ᠶᠠᠪᠤᠳᠠᠯ ᠢ ᠤᠳᠠᠭᠠᠰᠢᠷᠠᠭᠤᠯᠤᠨ ᠶᠡᠬᠡᠳᠬᠡᠬᠦ᠂ ᠶᠡᠭᠡ ᠶᠠᠪᠤᠳᠠᠯ ᠢ | ᠤᠳᠠᠭᠠᠰᠢᠷᠠᠭᠤᠯᠤᠨ ᠰᠢᠢᠳᠪᠦᠷᠢᠯᠡᠬᠦ ᠳᠤ ᠪᠡᠷᠬᠡ ᠲᠠᠢ ᠶᠠᠪᠤᠳᠠᠯ ᠪᠤᠯᠭᠠᠬᠤ ᠶᠢ ᠰᠡᠷᠭᠡᠶᠢᠯᠡᠵᠦ ᠴᠢᠳᠠᠨ᠎ᠠ᠃ ᠨᠢᠭᠡ ᠬᠤᠭᠤᠴᠠᠭᠠᠨ ᠤ ᠲᠤᠷᠰᠢ ᠵᠠᠷᠢᠮ ᠦᠨᠳᠦᠰᠦᠨ | ᠱᠠᠲᠤᠨ ᠤ ᠨᠠᠮ ᠤᠨ ᠭᠡᠰᠢᠭᠦᠨ ᠺᠠᠳ᠋ᠷ ᠳᠡᠷᠭᠡᠳᠡᠬᠢ ᠠᠰᠠᠭᠤᠳᠠᠯ ᠢᠶᠠᠨ ᠬᠠᠷᠠᠵᠤ ᠪᠠᠶᠢᠭᠠᠳ ᠬᠠᠶᠢᠬᠤᠷᠬᠤ ᠦᠭᠡᠢ᠂ ᠰᠢᠢᠳᠪᠦᠷᠢᠯᠡᠬᠦ ᠦᠭᠡᠢ ᠮᠥᠷᠲᠡᠭᠡᠨ ᠮᠡᠳᠡᠭᠦᠯᠬᠦ | ᠦᠭᠡᠢ ᠪᠠᠶᠢᠨ᠎ᠠ᠂ ᠡᠨᠡ ᠨᠢ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭᠠᠲᠤ ᠰᠡᠳᠬᠢᠯᠭᠡ ᠴᠢᠩᠭ᠎ᠠ ᠪᠢᠰᠢ ᠪᠠᠶᠢᠬᠤ ᠶᠢᠨ ᠰᠢᠯᠲᠠᠭᠠᠨ ᠪᠤᠯᠬᠤ ᠪᠠᠷ ᠪᠠᠷᠠᠬᠤ ᠦᠭᠡᠢ | ᠪᠠᠰᠠ ᠠᠰᠠᠭᠤᠳᠠᠯ ᠢ ᠲᠤᠰᠬᠠᠬᠤ ᠠᠷᠭ᠎ᠠ ᠵᠠᠮ ᠰᠢᠯᠤᠭᠤᠨ ᠪᠢᠰᠢ ᠪᠠᠶᠢᠬᠤ ᠲᠠᠢ ᠮᠠᠰᠢ ᠶᠡᠭᠡ ᠬᠤᠯᠪᠤᠭ᠎ᠠ ᠲᠠᠢ ᠶᠤᠮ᠃ ᠡᠭᠦᠨ ᠤ ᠲᠥᠯᠥᠭᠡ ᠥᠪᠥᠷ ᠮᠣᠩᠭᠤᠯ | ᠦᠨᠳᠦᠰᠦᠨ ᠱᠠᠲᠤᠨ ᠤ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠵᠣᠷᠢᠭᠲᠠᠢ ᠪᠠᠷ ᠦᠨᠡᠨ ᠦᠭᠡ ᠬᠡᠯᠡᠵᠦ ᠪᠣᠳᠠᠲᠤ ᠪᠠᠶᠢᠳᠠᠯ ᠢ | ᠮᠡᠳᠡᠭᠦᠯᠬᠦ ᠶᠢ ᠵᠣᠷᠢᠭᠵᠢᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ︵ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ︶ ᠤ ᠰᠢᠭᠤᠳ ᠨᠡᠪᠲᠡᠷᠡᠬᠦ ᠲᠡᠷᠭᠡ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠠᠶᠢᠭᠤᠯᠵᠤ᠂ ᠦᠨᠳᠦᠰᠦᠨ ᠱᠠᠲᠤ ᠪᠣᠯᠣᠨ ᠬᠤᠯᠪᠣᠭᠳᠠᠯ ᠪᠦᠬᠦᠢ | ᠲᠠᠯ᠎ᠠ ᠶᠢᠨ ᠬᠢᠨ ᠢ ᠬᠥᠲᠥᠯᠥᠨ ᠳᠠᠭᠠᠭᠤᠯᠵᠤ ᠦᠵᠡᠯ ᠰᠠᠨᠠᠭᠠᠨ ᠤ ᠡᠷᠡᠭᠡᠯᠵᠡᠯ ᠢ ᠨᠢ ᠲᠠᠶᠠᠭᠳᠠᠭᠤᠯᠵᠤ᠂ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠬᠤ ᠶᠢ ᠬᠥᠲᠥᠯᠥᠨ | ᠵᠢᠯᠣᠭᠤᠳᠪᠠ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ︽ᠬᠥᠲᠥᠯᠪᠦᠷᠢ︾ ᠪᠤᠯᠭᠠᠵᠤ᠂ ᠡᠯ᠎ᠡ ᠲᠠᠯ᠎ᠠ ᠶᠢᠨ ᠬᠢᠨᠠᠯᠲᠠ ᠲᠠᠯᠪᠢᠬᠤ ᠪᠠᠷ ︽ᠬᠠᠷᠠᠯᠲᠠ︾ | ᠪᠤᠯᠭᠠᠵᠤ᠂ ᠠᠷᠪᠠᠨ ᠶᠡᠭᠡ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ︽ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠠᠷᠪᠠᠨ ᠰᠠᠨᠠᠯ︾ ᠢ ᠨᠡᠶᠢᠲᠡᠯᠡᠵᠦ᠂ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠦᠨᠳᠦᠰᠦᠨ | ᠱᠠᠲᠤᠨ ᠤ ᠲᠤᠰᠬᠠᠭᠰᠠᠨ ᠠᠰᠠᠭᠤᠳᠠᠯ ᠳᠤ ᠮᠠᠰᠢ ᠣᠯᠠᠨ ︽ᠳᠡᠭᠡᠭᠰᠢ ᠶᠠᠪᠤᠬᠤ︾ ᠵᠠᠮ ᠭᠠᠷᠭᠠᠵᠤ ᠥᠭᠴᠦ᠂ 2023 ᠣᠨ ᠠᠴᠠ ᠨᠠᠭᠠᠰᠢ ᠪᠦᠭᠦ ᠣᠷᠣᠨ ᠤ ᠡᠯ᠎ᠡ | ᠱᠠᠲᠤᠨ ᠳᠤ ᠨᠡᠶᠢᠲᠡ 10 ᠲᠦᠮᠡ ᠭᠠᠷᠤᠢ ᠠᠰᠠᠭᠤᠳᠠᠯ ᠢ ᠢᠯᠡᠷᠡᠭᠦᠯᠵᠦ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 98. | 7% ᠳᠤ ᠭᠦᠷᠪᠡ᠃ | ᠠᠬᠢᠭᠤᠯᠬᠤ – ᠦᠨᠳᠦᠰᠦᠨ ᠱᠠᠲᠤᠨ ᠤ ᠦᠨᠡᠨ ᠬᠦ ᠠᠳᠬᠤᠵᠤ ᠪᠣᠳᠠᠲᠠᠢ ᠠᠵᠢᠯᠯᠠᠬᠤ ︽ᠬᠥᠳᠡᠯᠭᠡᠬᠦ ᠬᠦᠴᠦᠨ︾ ᠢ ᠬᠥᠭᠵᠢᠭᠡᠪᠡ | ᠳᠠᠷᠤᠭᠠᠰᠤ ᠶᠢ ᠬᠥᠩᠭᠡᠷᠡᠭᠦᠯᠦᠨ᠎ᠡ ᠭᠡᠳᠡᠭ ᠨᠢ ᠡᠭᠦᠷᠭᠡᠯᠡᠯ ᠢ ᠬᠠᠰᠤᠵᠤ ᠬᠠᠷᠢᠭᠤᠴᠠᠯᠭ᠎ᠠ ᠶᠢ ᠬᠥᠩᠭᠡᠷᠡᠭᠦᠯᠦᠨ᠎ᠡ ᠭᠡᠰᠡᠨ ᠶᠠᠪᠤᠳᠠᠯ ᠪᠢᠰᠢ᠂ ᠦᠨᠳᠦᠰᠦᠨ | ᠱᠠᠲᠤᠨ ᠠᠴᠠ ᠡᠭᠦᠷᠭᠡᠯᠡᠪᠡᠯ ᠵᠣᠬᠢᠬᠤ ᠡᠭᠦᠷᠭᠡ ᠶᠢ ᠡᠷᠬᠡᠪᠰᠢ ᠦᠷᠭᠦᠯᠵᠢᠯᠡᠨ ᠠᠩᠬᠠᠷᠴᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠡᠴᠦᠰ ᠲᠤᠨᠢ | ᠲᠤᠯᠲᠠᠯ᠎ᠠ ᠠᠳᠬᠤᠬᠤ ᠬᠡᠷᠡᠭᠲᠡᠢ᠃ ᠥᠪᠥᠷ ᠮᠣᠩᠭᠤᠯ ︽ᠠᠬᠢᠭᠤᠯᠬᠤ︾ ᠲᠠᠯ᠎ᠠ ᠪᠠᠷ ᠭᠦᠨᠵᠡᠭᠡᠶᠢᠷᠡᠭᠦᠯᠵᠦ᠂ ︽ᠱᠠᠯᠠᠪᠳᠠᠭᠤᠯᠬᠤ︾ ᠲᠠᠯ᠎ᠠ ᠪᠠᠷ ᠪᠣᠳᠠᠲᠠᠶᠢᠵᠢᠭᠤᠯᠵᠤ᠂ | ︽ᠵᠢᠯᠤᠭᠤᠳᠬᠤ︾ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠬᠢᠨ ᠢ ᠬᠥᠲᠥᠯᠥᠨ ᠵᠢᠯᠤᠭᠤᠳᠴᠤ ᠨᠠᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠵᠣᠷᠢᠭᠵᠢᠭᠤᠯᠤᠨ ᠠᠬᠢᠭᠤᠯᠪᠠ᠃ | ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃ ᠵᠠᠷᠢᠮ ᠺᠠᠳ᠋ᠷ ᠤᠨ ︽ᠬᠤᠷᠠᠯ ᠬᠢᠬᠦ ᠨᠢ ᠤᠯᠠᠨ᠂ ᠠᠵᠢᠯᠯᠠᠭ᠎ᠠ ᠨᠢ | ᠤᠯᠠᠨ᠂ ᠭᠠᠳᠠᠭᠰᠢ ᠭᠠᠷᠬᠤ ᠨᠢ ᠤᠯᠠᠨ᠂ ᠪᠠᠶᠢᠴᠠᠭᠠᠨ ᠰᠤᠳᠤᠯᠤᠯᠲᠠ ᠬᠢᠵᠦ ᠮᠡᠳᠡᠭᠦᠯᠬᠦ ᠨᠢ ᠴᠥᠭᠡᠨ᠂ ᠠᠵᠢᠯ ᠤᠨ ᠰᠡᠳᠬᠢᠮᠵᠢ ᠨᠢ ᠴᠥᠭᠡᠨ᠂ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ | ᠪᠠᠶᠢᠬᠤ︾ ᠵᠡᠷᠭᠡ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠪᠠ ᠠᠵᠢᠯ ᠢ ᠠᠳᠬᠤᠬᠤ ᠨᠢ ︽ᠤᠳᠠᠭᠠᠨ ᠪᠦᠳᠦᠭᠦᠯᠢᠭ | ᠬᠡᠶᠢᠰᠪᠦᠷᠢ ᠪᠠᠶᠢᠬᠤ︾ ᠭᠡᠮ ᠠᠷᠬᠠᠭ ᠢ ᠴᠢᠩᠭ᠎ᠠ ᠠᠩᠬᠠᠷᠴᠤ᠂ ︽ᠵᠢᠷᠤᠮᠵᠢᠭᠤᠯᠬᠤ ᠬᠠᠰᠤᠨ ᠴᠣᠮᠬᠠᠳᠬᠠᠬᠤ ᠬᠤᠷᠳᠤᠴᠠ ᠶᠢ ᠳᠡᠭᠡᠭᠰᠢᠯᠡᠭᠦᠯᠭᠦ︾ 20 ᠵᠦᠢᠯ ᠤᠨ | ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠡᠯ᠎ᠡ ᠱᠠᠲᠤᠨ ᠤ ᠬᠠᠷᠢᠭᠤᠴᠠᠯᠭ᠎ᠠ ᠶᠢᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ | ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠤᠴᠢᠷ ᠶᠠᠪᠤᠳᠠᠯ ᠪᠦᠭᠦᠨ ᠢ ᠤᠷᠤᠭᠰᠢ ᠠᠬᠢᠭᠤᠯᠵᠤ | ᠪᠤᠯᠬᠤ ᠶᠢ ᠨᠢ ᠠᠯᠢ ᠴᠢᠳᠠᠬᠤ ᠪᠠᠷ ᠤᠷᠤᠭᠰᠢ ᠠᠬᠢᠭᠤᠯᠵᠤ᠂ ᠤᠷᠢᠳᠴᠢᠯᠠᠨ ︽ᠰᠢᠯᠭᠠᠯᠲᠠ ᠶᠢᠨ ᠬᠠᠭᠤᠳᠠᠰᠤ︾ ᠲᠤᠰᠢᠶᠠᠵᠤ ᠪᠤᠯᠬᠤ ᠶᠢ ᠨᠢ ︽ᠴᠠᠭ ᠢ ᠨᠢ | ᠲᠤᠯᠭᠠᠵᠤ︾ ᠪᠠᠶᠢᠭᠠᠳ ᠰᠠᠶ᠋ᠢ ᠲᠤᠰᠢᠶᠠᠬᠤ ᠠᠴᠠ ᠵᠠᠶᠢᠯᠠᠰᠬᠢᠪᠡ᠃ ᠣᠳᠣᠬᠠᠨ ᠳᠤ᠂ ᠤᠯᠤᠰ ᠤᠨ ᠲᠦᠷᠦᠭᠦᠦ ᠪᠦᠯᠦᠭ ᠤᠨ 13 ︽ᠨᠢᠭᠡ ᠶᠠᠪᠤᠳᠠᠯ ᠢ ᠥᠨᠳᠥᠷ | ᠪᠦᠲᠦᠮᠵᠢᠲᠡᠶ ᠪᠠᠷ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠥᠪᠥᠷ ᠮᠣᠩᠭᠤᠯ ᠳᠤ ᠪᠦᠭᠦᠨ ᠢ ᠰᠦᠯᠵᠢᠶᠡᠨ ᠳᠤ ᠭᠠᠷᠭᠠᠨ | ᠠᠵᠢᠯᠯᠠᠭᠤᠯᠵᠤ᠂ ᠡᠯ᠎ᠡ ᠠᠶᠢᠮᠠᠭ ᠬᠤᠲᠠ ᠨᠡᠶᠢᠲᠡ 108 ︽ᠣᠨᠴᠠᠯᠢᠭᠲᠤ ᠨᠢᠭᠡ ᠶᠠᠪᠤᠳᠠᠯ︾ ᠨᠡᠶᠢᠲᠡᠯᠡᠵᠦ᠂ ︽ᠮᠥᠩᠬᠡ ᠰᠤᠪᠠᠭ︾ ᠤᠨ ᠪᠦᠭᠦ ᠤᠯᠤᠰ ᠤᠨ ︽ | ᠰᠦᠯᠵᠢᠶᠡᠨ ᠳᠡᠭᠡᠷ᠎ᠡ ᠠᠮᠠᠷᠬᠠᠨ ᠭᠦᠢᠴᠡᠳᠬᠡᠬᠦ︾ ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢᠨ ᠨᠡᠷᠡᠰ ᠤᠨ ᠵᠢᠭᠰᠠᠭᠠᠯᠲᠠ ᠶᠢ 2023 ᠣᠨ ᠤ ᠬᠢ ᠠᠴᠠ 6 | ᠣᠷᠣᠨ ᠡᠮᠦᠨᠡᠰᠢᠯᠡᠭᠦᠯᠪᠡ᠃ ᠵᠠᠷᠢᠮ ᠦᠶ᠎ᠡ ᠳᠤ ᠺᠠᠳ᠋ᠷ ᠠᠵᠢᠯᠲᠠᠨ ᠴᠥᠭᠡᠨ ᠪᠤᠰᠤ ᠠᠵᠢᠯ ᠬᠢᠭᠰᠡᠨ ᠪᠠᠶᠢᠲᠠᠯ᠎ᠠ ᠤᠯᠠᠨ ᠲᠦᠮᠡᠨ ᠰᠡᠳᠬᠢᠯ ᠬᠠᠨᠤᠮᠵᠢ ᠦᠭᠡᠢ ᠪᠠᠶᠢᠬᠤ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠦᠨᠳᠦᠰᠦᠨ ᠱᠠᠲᠤ ᠶᠢ ᠬᠥᠲᠥᠯᠥᠨ ᠵᠢᠯᠤᠭᠤᠳᠴᠤ ᠤᠯᠠᠨ ᠲᠦᠮᠡᠨ ᠳᠤ ᠦᠢᠯᠡᠴᠢᠯᠡᠬᠦ ᠠᠷᠭ᠎ᠠ ᠭᠡᠯᠪᠡᠷᠢ ᠶᠢ ᠨᠢ | ᠰᠢᠯᠢᠳᠡᠭᠵᠢᠭᠦᠯᠵᠦ᠂ ᠲᠦᠷᠭᠡᠨ ᠤ ᠲᠡᠮᠦᠷ ᠵᠠᠮ ᠤᠨ ᠦᠢᠯᠡᠴᠢᠯᠡᠭᠡ ᠰᠢᠭ ᠤᠴᠢᠷ ᠶᠠᠪᠤᠳᠠᠯ ᠲᠣᠬᠢᠶᠠᠯᠳᠤᠪᠠᠯ ᠵᠠᠪᠠᠯ ᠰᠢᠢᠳᠪᠦᠷᠢᠯᠡᠬᠦ᠂ ᠤᠯᠠᠨ ᠲᠦᠮᠡᠨ ᠳᠠᠭᠤᠳᠠᠬᠤ | ᠦᠭᠡᠢ ᠪᠣᠯ ᠣᠴᠢᠵᠤ ᠬᠠᠷᠰᠢᠯᠠᠬᠤ ᠦᠭᠡᠢ᠂ ᠤᠯᠠᠨ ᠲᠦᠮᠡᠨ ᠬᠡᠷᠡᠭᠴᠡᠭᠡ ᠦᠭᠡᠢ ᠦᠶ᠎ᠡ ᠳᠤ ᠪᠤᠰᠤᠳ ᠢ ᠣᠷᠣᠯᠠᠨ ᠡᠵᠡᠨ ᠮᠡᠳᠡᠬᠦ ᠦᠭᠡᠢ᠂ ᠬᠡᠷᠡᠭᠴᠡᠭᠡ ᠠᠴᠠ | ᠬᠡᠲᠦᠷᠡᠲᠡᠯ᠎ᠡ ᠬᠠᠷᠠᠭᠠᠯᠵᠠᠬᠤ ᠦᠭᠡᠢ ᠪᠠᠶᠢᠬᠤ ᠶᠢ ᠪᠡᠶᠡᠯᠡᠭᠦᠯᠵᠦ᠂ ᠦᠨᠡᠨ ᠬᠦ ᠤᠴᠢᠷ ᠶᠠᠪᠤᠳᠠᠯ ᠲᠣᠬᠢᠶᠠᠯᠳᠤᠪᠠᠯ ᠴᠠᠭ ᠲᠤᠬᠠᠢ ᠳᠤᠨᠢ ᠢᠯᠡᠷᠡᠭᠦᠯᠵᠦ᠂ ᠳᠠᠭᠠᠷᠠᠬᠰᠠᠨ | ᠬᠥᠮᠥᠨ ᠳᠤ ᠳᠠᠬᠤ ᠬᠦᠷᠭᠡᠵᠦ᠂ ᠬᠠᠯᠠᠭᠤᠨ ᠰᠡᠳᠬᠢᠯ᠂ ᠬᠦᠯᠢᠴᠡᠩᠭᠦᠢ ᠰᠡᠳᠬᠢᠯ ᠢᠶᠠᠷ ᠦᠢᠯᠡᠴᠢᠯᠡᠵᠦ᠂ ᠨᠠᠷᠢᠨ ᠬᠢᠨᠠᠮᠠᠭᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ | ᠰᠠᠶᠢᠨ ᠶᠠᠪᠤᠳᠠᠯ ᠢ ᠦᠨᠡᠨ ᠬᠦ ᠤᠯᠠᠨ ᠲᠦᠮᠡᠨ ᠤ ᠰᠡᠳᠬᠢᠯ ᠳᠤ ᠭᠦᠷᠳᠡᠯ᠎ᠡ ᠬᠢᠬᠦ ᠶᠢ ᠪᠠᠷᠢᠮᠲᠠᠯᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ | ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 2.7 ᠲᠦᠮᠡ ᠭᠠᠷᠤᠢ | ᠠᠰᠠᠭᠤᠳᠠᠯ ᠢ ᠢᠯᠡᠷᠡᠭᠦᠯᠵᠦ᠂ 2200 ᠭᠠᠷᠤᠢ ᠵᠦᠢᠯ ᠤᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠺᠠᠳ᠋ᠷ ᠤᠨ | ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠦᠨᠳᠦᠰᠦᠨ ᠱᠠᠲᠤᠨ ᠤ ᠠᠵᠢᠯ ᠢ ᠵᠢᠷᠤᠮᠵᠢᠭᠤᠯᠬᠤ ᠶᠢ ᠠᠬᠢᠭᠤᠯᠪᠠ᠃ | ᠱᠠᠯᠠᠪᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ᠃ ᠥᠩᠭᠡᠷᠡᠭᠰᠡᠨ ᠨᠢᠭᠡ ᠬᠤᠭᠤᠴᠠᠭᠠᠨ ᠳᠤ ᠥᠪᠥᠷ | ᠮᠣᠩᠭᠤᠯ ᠤᠨ ᠵᠠᠷᠢᠮ ᠭᠠᠵᠠᠷ ᠣᠷᠣᠨ ᠳᠤ ᠤᠢ ᠰᠢᠭᠤᠢ ᠶᠢ ᠡᠪᠳᠡᠨ ᠠᠲᠠᠷ ᠬᠠᠭᠠᠯᠪᠤᠷᠢᠯᠠᠬᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠢᠳᠡᠭᠡᠨ ᠤ ᠠᠮᠤᠷ | ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠠᠰᠠᠭᠤᠳᠠᠯ ᠤᠯᠠᠨ ᠡᠭᠦᠰᠴᠦ ᠴᠢᠨᠠᠭᠰᠢᠯᠠᠪᠠᠯ ᠪᠠᠶᠢᠨ ᠲᠠᠭᠢᠨ ᠭᠠᠷᠴᠤ ᠪᠠᠶᠢᠭᠰᠠᠨ ᠨᠢ ᠵᠠᠷᠢᠮ ᠭᠠᠵᠠᠷ | ᠣᠷᠣᠨ ᠪᠣᠯᠣᠨ ᠨᠢᠭᠡᠴᠢ ᠶᠢᠨ ᠱᠠᠯᠠᠪᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠶᠢ ᠬᠡᠷᠡᠭᠵᠢᠭᠦᠯᠦᠭᠰᠡᠨ ᠪᠤᠯᠪᠠᠴᠤ ᠦᠷ᠎ᠡ ᠪᠦᠲᠦᠮᠵᠢ ᠶᠢ ᠴᠢᠬᠤᠯᠠᠴᠢᠯᠠᠭᠰᠠᠨ | ᠦᠭᠡᠢ ᠲᠠᠢ ᠰᠢᠭᠤᠳ ᠬᠤᠯᠪᠤᠭ᠎ᠠ ᠲᠠᠢ ᠪᠠᠶᠢᠪᠠ᠃ ᠵᠠᠷᠢᠮ ᠨᠢ ᠥᠡᠭᠭᠡᠨ ᠲᠠᠯ᠎ᠠ ᠶᠢ ᠯᠡ ᠴᠢᠬᠤᠯᠠᠴᠢᠯᠠᠵᠤ᠂ ᠬᠡᠳᠦᠢ ᠬᠤᠷᠠᠯ ᠬᠢᠵᠦ᠂ ᠬᠡᠳᠦᠢ ᠪᠢᠴᠢᠭ ᠮᠠᠲ᠋ᠧᠷᠢᠶᠠᠯ | ᠲᠠᠷᠬᠠᠭᠠᠵᠤ᠂ ᠬᠡᠳᠦᠢ ᠡᠬᠡ ᠲᠠᠩᠰᠠ ᠵᠣᠬᠢᠶᠠᠭᠰᠠᠨ᠂ ᠤᠳᠤᠷᠢᠳᠤᠯᠭ᠎ᠠ ᠴᠣᠬᠤᠯᠠᠪᠤᠷᠢ ᠥᠭᠭᠦᠭᠰᠡᠨ ᠡᠰᠡᠬᠦ ᠶᠢ ᠯᠠ ᠦᠵᠡᠪᠡ︔ ᠵᠠᠷᠢᠮ ᠨᠢ ᠪᠠᠶᠢᠴᠠᠭᠠᠯᠲᠠ ᠶᠢ | ᠪᠡᠶᠡᠯᠡᠭᠦᠯᠦᠭᠰᠡᠨ ᠢᠶᠠᠷ ᠦᠵᠡᠵᠦ᠂ ᠪᠠᠶᠢᠴᠠᠭᠠᠬᠤ ᠪᠠᠷ ᠬᠠᠮᠢᠶᠠᠷᠬᠤ ᠶᠢ ᠣᠷᠣᠯᠠᠭᠤᠯᠵᠤ᠂ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠵᠤ᠂ ᠪᠣᠳᠠᠲᠠᠢ ᠵᠠᠰᠠᠬᠤ | ᠡᠰᠡᠬᠦ ᠶᠢ ᠬᠠᠮᠢᠶᠠᠷᠬᠤ ᠦᠭᠡᠢ ᠪᠠᠶᠢᠪᠠ᠃ ᠥᠪᠥᠷ ᠮᠣᠩᠭᠤᠯ ᠠᠶᠢᠮᠠᠭ ᠬᠤᠲᠠ ᠶᠢᠨ ᠬᠤᠭᠤᠷᠣᠨᠳᠤ ᠪᠠᠨ ᠰᠣᠯᠪᠢᠴᠠᠨ ᠬᠠᠷᠢᠯᠴᠠᠨ ᠪᠠᠶᠢᠴᠠᠭᠠᠬᠤ ᠵᠡᠷᠭᠡ ᠵᠠᠭᠪᠤᠷ ᠢ | ᠶᠡᠭᠡ ᠪᠠᠷ ᠳᠡᠯᠭᠡᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠮᠳᠠᠬᠢ ︽ᠲᠠᠨᠢᠯ ᠬᠥᠮᠥᠨ ᠤ ᠨᠡᠶᠢᠭᠡᠮ︾ ᠭᠡᠭᠳᠡᠭᠰᠡᠨ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠡᠷᠬᠡᠪᠰᠢ ᠠᠰᠠᠭᠤᠳᠠᠯ ᠢ ᠢᠯᠡᠷᠡᠭᠦᠯᠵᠦ᠂ ᠦᠨᠡᠨ ᠠᠰᠠᠭᠤᠳᠠᠯ ᠢ ᠢᠯᠡᠷᠡᠭᠦᠯᠬᠦ ᠪᠠᠷ ᠴᠢᠷᠮᠠᠶᠢᠪᠠ᠃ ᠡᠯ᠎ᠡ ᠱᠠᠲᠤᠨ ᠤ ᠬᠢᠨ ᠬᠢᠨᠠᠨ | ᠪᠠᠶᠢᠴᠠᠭᠠᠬᠤ ᠶᠠᠪᠤᠴᠠ ᠳᠤ ᠠᠰᠠᠭᠤᠳᠠᠯ ᠢ ᠣᠨᠣᠪᠴᠢᠲᠠᠢ ᠡᠷᠢᠬᠦ ᠶᠢᠨ ᠬᠠᠮᠲᠤ ᠦᠨᠡᠨ ᠮᠥᠨ ᠢᠶᠠᠷ ᠬᠠᠷᠢᠭᠤ ᠲᠤᠰᠬᠠᠵᠤ᠂ ᠰᠢᠭᠤᠳ ᠰᠢᠯᠤᠭᠤᠨ ᠢᠶᠠᠷ ᠳᠤᠷᠠᠳᠴᠤ᠂ | ︽ᠲᠤᠭᠤᠰᠢᠲᠠᠢ ᠪᠢᠰᠢ︾᠂ ︽ᠵᠢᠷᠤᠮᠵᠢᠩᠭᠤᠢ ᠪᠤᠰᠤ︾᠂ ︽ᠲᠣᠭᠲᠠᠭᠠᠯ ᠳᠤ ᠨᠡᠶᠢᠴᠡᠬᠦ ᠦᠭᠡᠢ︾ ᠭᠡᠬᠦ ᠮᠡᠲᠦ ᠶᠢᠨ ᠪᠠᠯᠠᠷᠬᠠᠢ ᠦᠭᠡ ᠬᠡᠯᠡᠯᠭᠡ ᠪᠠᠷ | ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠠᠯᠬᠠᠯᠠᠬᠤ ᠠᠴᠠ ᠵᠠᠶᠢᠯᠠᠰᠬᠢᠵᠦ᠂ ᠳᠣᠣᠷ᠎ᠠ ᠱᠠᠲᠤᠨ ᠤ ᠬᠢᠨ ᠳᠤ ᠬᠠᠮᠢᠭ᠎ᠠ ᠨᠢ ᠪᠤᠷᠤᠭᠤᠳᠠᠭᠰᠠᠨ᠂ ᠶᠠᠭᠤ ᠶᠢ ᠨᠢ ᠥᠭᠡᠷᠡᠴᠢᠯᠡᠬᠦ | ᠴᠢᠬᠤᠯᠠᠲᠠᠢ ᠪᠠᠶᠢᠬᠤ ᠶᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠭᠦᠢᠴᠡᠳᠬᠡᠬᠦ ᠳᠦᠷᠢᠮ ᠢ | ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠰᠢᠯᠭᠠᠨ ᠠᠪᠴᠤ ᠦᠨᠡᠯᠡᠨ ᠰᠢᠢᠳᠪᠦᠷᠢᠯᠡᠬᠦ ᠠᠰᠠᠭᠤᠳᠠᠯ ᠤᠨ ᠲᠠᠩᠰᠠᠨ ᠠᠴᠠ ᠭᠠᠷᠭᠠᠬᠤ᠂ | ︽ᠡᠷᠭᠢᠵᠦ ᠬᠠᠷᠠᠨ︾ ᠦᠨᠡᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ | ᠠᠯᠭᠤᠷᠯᠠᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠪᠤᠶᠤ ᠴᠡᠭᠴᠡᠯᠡᠨ ᠰᠠᠶᠢᠵᠢᠷᠠᠭᠤᠯᠤᠭᠰᠠᠳ ᠢ ᠬᠠᠪᠰᠤᠷᠤᠨ ︽ᠬᠠᠯᠬᠠᠯᠠᠵᠤ ᠥᠮᠥᠭᠯᠡᠬᠦ︾ | ᠠᠰᠠᠭᠤᠳᠠᠯ ᠢ ᠴᠢᠩᠭ᠎ᠠ ᠰᠢᠢᠳᠪᠦᠷᠢᠯᠡᠵᠦ᠂ ᠱᠠᠯᠠᠪᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠶᠢᠨ ᠳᠦᠷᠢᠮᠵᠢᠭᠦᠯᠦᠨ ᠵᠢᠷᠤᠮᠵᠢᠭᠤᠯᠬᠤ ᠦᠢᠯᠡᠳᠦᠯ ᠢ ᠦᠨᠡᠨᠬᠦ | ᠪᠠᠳᠠᠷᠠᠭᠤᠯᠪᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠤᠨ ᠬᠠᠮᠢᠶ᠎ᠠ ᠪᠦᠬᠦᠢ ᠳᠦᠷᠢᠮ ᠪᠠ ᠵᠢᠷᠤᠮᠵᠢᠯ ᠢ ᠱᠠᠯᠠᠪᠳᠠᠨ ᠲᠡᠭᠦᠯᠳᠡᠷᠵᠢᠭᠦᠯᠵᠦ᠂ ᠴᠡᠭᠴᠡᠯᠡᠨ | ᠰᠠᠶᠢᠵᠢᠷᠠᠭᠤᠯᠬᠤ ᠶᠢ ᠨᠢᠭᠡ ᠠᠰᠠᠭᠤᠳᠠᠯ ᠢ ᠰᠢᠢᠳᠪᠦᠷᠢᠯᠡᠬᠦ ᠠᠴᠠ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠲᠡᠶᠢᠰᠢ ᠤᠷᠲᠤᠳᠬᠠᠬᠤ ᠶᠢ ᠠᠬᠢᠭᠤᠯᠵᠤ᠂ | ᠠᠰᠠᠭᠤᠳᠠᠯ ᠤᠨ ᠳᠠᠭᠢᠨ ᠢᠯᠡᠷᠡᠬᠦ ᠪᠠ ᠳᠠᠭᠢᠨ ᠳᠠᠪᠲᠠᠨ ᠡᠭᠦᠰᠬᠦ ᠶᠢ ᠰᠡᠷᠭᠡᠶᠢᠯᠡᠪᠡ᠃ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠪᠠ᠃ ᠥᠪᠥᠷ ᠮᠣᠩᠭᠤᠯ ᠬᠤᠣᠰ ᠴᠢᠭᠯᠡᠯ ᠢᠶᠠᠷ ᠬᠦᠴᠦᠯᠡᠬᠦ ᠶᠢ | ᠵᠣᠷᠢᠭᠵᠢᠭᠤᠯᠬᠤ ᠪᠠ ᠬᠢᠵᠠᠭᠠᠷᠯᠠᠬᠤ ᠶᠢ ᠪᠠᠷᠢᠮᠲᠠᠯᠠᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠪᠣᠳᠠᠲᠠᠢ ᠵᠢᠳᠬᠦᠯ ᠴᠢᠷᠮᠠᠶᠢᠯᠭ᠎ᠠ ᠭᠠᠷᠭᠠᠬᠤ᠂ ᠪᠣᠳᠠᠲᠤ ᠦᠷ᠎ᠡ | ᠪᠦᠲᠦᠮᠵᠢ ᠶᠢ ᠡᠷᠭᠢᠮᠯᠡᠭᠦ ᠤᠳᠤᠷᠢᠳᠤᠮᠵᠢ ᠶᠢ ᠨᠡᠩ ᠢᠯᠡ ᠲᠣᠳᠣ ᠪᠤᠢ ᠪᠣᠯᠭᠠᠪᠠ᠃ ᠵᠥᠪ ᠴᠢᠭᠯᠡᠯ ᠢᠶᠠᠷ ᠵᠣᠷᠢᠭᠵᠢᠭᠤᠯᠬᠤ ᠲᠠᠯ᠎ᠠ ᠪᠠᠷ᠂ ︽ᠬᠦᠴᠢᠷ ᠪᠡᠷᠬᠡᠰᠢᠶᠡᠯ ᠢ | ᠳᠠᠭᠠᠭᠠᠬᠤ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ︾ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠬᠤ ᠶᠢ ᠢᠮᠠᠭᠲᠠ ᠴᠢᠬᠤᠯᠠᠴᠢᠯᠠᠵᠤ᠂ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠶ ᠪᠤᠯᠭᠠᠬᠤ ᠪᠠ | ᠦᠢᠯᠡᠳᠦᠯᠭᠡᠵᠢᠭᠦᠯᠬᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠢ ᠥᠷᠨᠢᠭᠦᠯᠵᠦ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠪᠠ ᠣᠳᠣᠨ ᠲᠠᠰ ᠤᠨ ︽ᠳᠡᠯᠭᠡᠨ | ᠦᠵᠡᠭᠦᠯᠭᠦ ᠠᠳᠠᠯᠢᠳᠬᠠᠬᠤ︾ ᠠᠵᠢᠯᠯᠠᠭ᠎ᠠ ᠶᠢ ᠥᠷᠨᠢᠭᠦᠯᠪᠡ᠃ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ | ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠤᠷᠪᠤᠰ ᠰᠠᠨᠠᠯ ᠢ | ᠨᠡᠶᠢᠲᠡᠯᠡᠵᠦ᠂ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠬᠤ ᠺᠠᠳ᠋ᠷ ᠢ ᠲᠤᠭ ᠲᠡᠮᠳᠡᠭ ᠲᠣᠳᠣᠷᠬᠠᠢ ᠪᠠᠷ ᠰᠢᠯᠢᠨ | ᠰᠣᠩᠭᠤᠵᠤ᠂ ᠵᠣᠷᠢᠭᠲᠠᠢ ᠰᠢᠨ᠎ᠡ ᠶᠢ ᠡᠭᠦᠳᠬᠦ᠂ ᠪᠣᠳᠠᠲᠠᠢ ᠶᠢ ᠡᠷᠬᠢᠮᠯᠡᠨ ᠠᠵᠢᠯᠯᠠᠬᠤ ᠺᠠᠳ᠋ᠷ ᠤᠨ ᠲᠥᠯᠥᠭᠡ ᠦᠭᠡ ᠬᠡᠯᠡᠵᠦ ᠲᠦᠰᠢᠭ ᠪᠣᠯᠵᠤ ᠡᠷᠴᠢ ᠵᠣᠷᠢᠭ ᠢ ᠨᠢ | ᠬᠥᠪᠴᠢᠯᠡᠵᠦ᠂ ᠬᠤᠶᠠᠷ ᠵᠢᠯ ᠳᠠᠷᠠᠭᠠᠯᠠᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠬᠤ ᠠᠵᠢᠯ ᠢ | ᠥᠷᠨᠢᠭᠦᠯᠵᠦ᠂ ᠰᠢᠯᠭᠠᠷᠠᠭᠤᠯᠤᠭᠰᠠᠨ 199 ᠬᠥᠮᠥᠨ ᠤ 172 ᠬᠥᠮᠥᠨ ᠢ ᠨᠢᠭᠡᠨᠲᠡ ᠳᠡᠪᠰᠢᠭᠦᠯᠦᠨ ᠬᠦᠨᠳᠦ ᠪᠠᠷ ᠬᠡᠷᠡᠭᠯᠡᠪᠡ᠃ ᠡᠰᠡᠷᠭᠦ ᠴᠢᠭᠯᠡᠯ ᠢᠶᠠᠷ ᠬᠢᠵᠠᠭᠠᠷᠯᠠᠬᠤ | ᠲᠠᠯ᠎ᠠ ᠪᠠᠷ᠂ ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠲᠣᠭᠲᠠᠭᠠᠯ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠤᠳᠤ ᠶᠢᠨ ᠲᠤᠰᠢᠶᠠᠯ ᠢ | ᠡᠭᠦᠷᠭᠡᠯᠡᠬᠦ ᠳᠤ ᠲᠣᠬᠢᠷᠠᠮᠵᠢ ᠦᠭᠡᠢ 448 ᠺᠠᠳ᠋ᠷ ᠲᠤ ᠲᠣᠬᠢᠷᠠᠭᠤᠯᠤᠯᠲᠠ ᠬᠢᠪᠡ᠃ ᠬᠥᠬᠢᠭᠦᠯᠦᠨ ᠱᠠᠩᠨᠠᠬᠤ᠂ ᠳᠡᠪᠰᠢᠭᠦᠯᠬᠦ ᠪᠠ ᠰᠣᠩᠭᠤᠨ ᠬᠡᠷᠡᠭᠯᠡᠬᠦ ᠵᠠᠩᠭᠢᠯᠠᠭ᠎ᠠ ᠶᠢ | ᠴᠢᠩᠭ᠎ᠠ ᠠᠳᠬᠤᠵᠤ᠂ ᠡᠩ ᠤᠨ ᠴᠠᠭ ᠲᠤ ᠬᠤᠶᠢᠷᠭᠤ ᠵᠠᠯᠬᠠᠭᠤ ᠠᠵᠢᠯ ᠬᠢᠬᠦ ᠦᠭᠡᠢ ᠪᠤᠶᠤ ᠦᠩᠭᠡᠨ ᠲᠠᠯ᠎ᠠ ᠶᠢᠨ ᠠᠵᠢᠯ ᠬᠢᠬᠦ᠂ ᠵᠠᠪᠰᠢᠶᠠᠨ ᠦᠵᠡᠮᠡᠭᠴᠡ ᠠᠷᠭ᠎ᠠ | ᠪᠤᠳᠤᠨ ᠶᠡᠭᠡ ᠠᠵᠢᠯ ᠬᠢᠵᠦ ᠪᠠᠶᠢᠬᠤ ᠪᠠᠷ ᠣᠪᠯᠠᠳᠠᠭ ᠺᠠᠳ᠋ᠷ ᠢ ᠢᠯᠭᠠᠨ ᠭᠠᠷᠭᠠᠵᠤ᠂ ᠬᠡᠯᠪᠡᠷᠢᠴᠢ ᠦᠵᠡᠯ ᠲᠠᠢ ᠬᠥᠮᠥᠰ ᠲᠤ ᠠᠰᠢᠭ ᠣᠯᠭᠤᠬᠤ ᠦᠭᠡᠢ ᠮᠥᠷᠲᠡᠭᠡᠨ | ᠵᠠᠯᠬᠠᠭᠠᠯ ᠥᠭᠴᠦ᠂ ᠥᠷᠭᠡᠨ ᠤᠯᠠᠨ ᠺᠠᠳ᠋ᠷᠴᠤᠳ ᠲᠤ ᠦᠨᠡᠨ ᠪᠣᠳᠠᠲᠠᠢ ᠠᠵᠢᠯᠯᠠᠪᠠᠯ ᠢᠷᠡᠭᠡᠳᠦᠢ ᠲᠠᠢ᠂ ᠬᠡᠢ ᠬᠤᠭᠤᠰᠤᠨ ᠢ ᠬᠥᠭᠡᠭᠡᠴᠡᠯᠳᠦᠪᠡᠯ ᠭᠠᠷᠬᠤ ᠵᠠᠮ ᠦᠭᠡᠢ | ᠭᠡᠳᠡᠭ ᠢ ᠲᠠᠨᠢᠭᠤᠯᠪᠠ᠃ | ᠶᠡᠷᠦᠩᠬᠡᠢ ᠱᠦᠵᠢ ᠰᠢ ᠶᠢᠨ ᠫᠢᠩ᠂ ᠬᠡᠯᠪᠡᠷᠢᠴᠢ ᠦᠵᠡᠯ ᠨᠣᠶᠠᠨᠴᠢ ᠰᠤᠷᠲᠠᠯ ᠤᠨ ᠤᠷᠰᠢᠭ ᠭᠡᠮ ᠨᠢᠭᠡ ᠯᠡ ᠴᠠᠭ ᠢᠶᠠᠷ ᠡᠭᠦᠰᠦᠭᠰᠡᠨ ᠪᠢᠰᠢ᠂ ᠦᠨᠳᠦᠰᠦᠨ | ᠱᠠᠲᠤᠨ ᠤ ᠳᠠᠷᠤᠭᠠᠰᠤ ᠶᠢ ᠦᠨᠳᠦᠰᠦ ᠠᠴᠠ ᠨᠢ ᠬᠥᠩᠭᠡᠷᠡᠭᠦᠯᠬᠦ ᠨᠢ ᠴᠦ ᠨᠢᠭᠡ ᠯᠡ ᠡᠳᠦᠷ ᠤᠨ ᠴᠢᠷᠮᠠᠶᠢᠯᠭ᠎ᠠ ᠪᠠᠷ ᠪᠡᠶᠡᠯᠡᠭᠳᠡᠬᠦ ᠪᠢᠰᠢ ᠶᠤᠮ ᠭᠡᠵᠦ ᠵᠢᠭᠠᠵᠤ ᠭᠠᠷᠭᠠᠪᠠ᠃ | ᠥᠪᠥᠷ ᠮᠣᠩᠭᠤᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠴᠠ ᠶᠢ ᠪᠦᠷᠢᠨᠰᠢᠭᠦᠯᠬᠦ︾᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ︾ ᠵᠡᠷᠭᠡ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠳᠤ ᠬᠤᠭᠤᠴᠠᠭ᠎ᠠ | ᠬᠤᠪᠢᠷᠠᠰᠢ ᠦᠭᠡᠢ ᠰᠢᠷᠭᠠᠭᠤ ᠴᠢᠷᠮᠠᠶᠢᠵᠤ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠲᠤᠰᠢᠶᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠨ᠎ᠡ᠃ | ︵ᠵᠣᠬᠢᠶᠠᠭᠴᠢ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ︶ | ︵︽ᠰᠤᠷᠤᠯᠴᠠᠯᠭ᠎ᠠ ᠬᠢᠭᠡᠳ ᠰᠤᠳᠤᠯᠤᠯ︾ ᠰᠡᠳᠬᠦᠯ ᠤᠨ 2025 ᠣᠨ ᠤ 3 ᠳ᠋ᠤᠭᠠᠷ ᠬᠤᠭᠤᠴᠠᠭ᠎ᠠ ᠳᠤ ᠨᠡᠶᠢᠲᠡᠯᠡᠪᠡ︶ |