2 ᠳ᠋ᠤᠭᠠᠷ ᠰᠠᠷ᠎ᠠ ᠶᠢᠨ 24 ᠤ ᠡᠳᠦᠷ ᠤᠨ 10 ᠴᠠᠭ ᠪᠣᠯᠲᠠᠯ᠎ᠠ᠂ ᠭᠤᠣᠯ ᠭᠡᠰᠦᠭᠰᠡᠨ ᠳᠡᠭᠡᠳᠦ ᠤᠷᠤᠰᠬᠠᠯ ᠨᠢ ᠰᠠᠨ ᠱᠧᠩ ᠬᠥᠩ ᠬᠦᠢᠰᠦ ᠶᠢᠨ | ᠬᠠᠭᠠᠯᠲᠠ ᠠᠴᠠ 38 ᠺᠢᠯᠤᠮᠧᠲᠷ ᠲᠤ ᠪᠠᠶᠢᠵᠤ᠂ ᠨᠡᠶᠢᠲᠡ 49 ᠺᠢᠯᠤᠮᠧᠲᠷ ᠬᠡᠰᠡᠭ ᠲᠠᠬᠢ ᠭᠤᠣᠯ ᠭᠡᠰᠴᠦ᠂ ᠬᠦᠯᠳᠡᠭᠦᠦ ᠪᠠᠶᠢᠭ᠎ᠠ ᠭᠤᠣᠯ ᠨᠢ 598 ᠺᠢᠯᠤᠮᠧᠲᠷ | ᠦᠯᠡᠳᠡᠵᠦ᠂ ᠭᠤᠣᠯ ᠤᠨ ᠭᠡᠰᠬᠦ ᠪᠠᠶᠢᠳᠠᠯ ᠨᠢ ᠨᠡᠯᠢᠶᠡᠳ ᠲᠣᠭᠲᠠᠭᠤᠨ ᠪᠠᠶᠢᠨ᠎ᠠ᠃ ᠤᠰᠤᠨ ᠠᠰᠢᠭᠯᠠᠯᠲᠠ ᠶᠢᠨ ᠲᠢᠩᠬᠢᠮ ᠠᠴᠠ ᠬᠠᠲᠤᠨ ᠭᠤᠣᠯ ᠳᠠᠭᠠᠤ ᠶᠢᠨ ᠡᠯ᠎ᠡ | ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤ ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠪᠤᠢ᠃ ᠨᠢᠭᠡ ᠳᠤ | ᠬᠢᠨᠠᠨ ᠰᠢᠨᠵᠢᠵᠦ ᠰᠡᠷᠡᠮᠵᠢᠯᠡᠭᠦᠯᠬᠦ ᠪᠠᠨ ᠴᠢᠩᠭᠠᠳᠬᠠᠵᠤ᠂ ᠲᠦᠷ ᠴᠠᠭ ᠤᠨ ᠠᠵᠢᠭᠯᠠᠯᠲᠠ ᠶᠢᠨ ᠣᠭᠲᠣᠯᠣᠭᠠᠰᠤ ᠶᠢ 45 ᠬᠡᠰᠡᠭ ᠭᠠᠵᠠᠷ ᠲᠤ ᠨᠡᠮᠡᠨ ᠪᠠᠶᠢᠭᠤᠯᠵᠤ᠂ | ᠰᠦᠩ ᠬᠠᠯᠢᠶ᠎ᠠ ᠶᠢᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ ᠪᠤᠢ᠃ ᠬᠤᠶᠠᠷ ᠲᠤ ᠬᠠᠲᠤᠨ ᠭᠤᠣᠯ ᠤᠨ ᠬᠠᠰᠢᠯᠭ᠎ᠠ ᠳᠠᠯᠠᠩ᠂ ᠠᠶᠤᠯᠲᠠᠢ ᠪᠠᠷᠢᠯᠭ᠎ᠠ | ᠠᠶᠤᠯᠲᠠᠢ ᠬᠡᠰᠡᠭ᠂ ᠬᠠᠰᠢᠯᠭ᠎ᠠ ᠪᠠᠷ ᠰᠦᠪᠡᠯᠡᠭᠰᠡᠨ ᠪᠠᠷᠢᠯᠭ᠎ᠠ ᠶᠢ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠭᠦᠯᠦᠨ᠂ ᠠᠮᠤᠷ ᠲᠦᠪᠰᠢᠨ ᠤ ᠳᠠᠯᠳᠠ ᠬᠡᠮ ᠢ ᠴᠠᠭ | ᠲᠤᠬᠠᠢ ᠳᠤ ᠨᠢ ᠠᠷᠢᠯᠭᠠᠵᠤ ᠪᠤᠢ᠃ ᠭᠤᠷᠪᠠ ᠳᠤ ᠮᠡᠷᠭᠡᠵᠢᠯ ᠤᠨ ᠠᠵᠢᠯᠲᠠᠨ᠂ ᠬᠡᠢ ᠳᠡᠪᠢᠰᠬᠡᠷᠲᠦ ᠣᠩᠭᠤᠴᠠ ᠶᠢ 2 ᠳ᠋ᠤᠭᠠᠷ ᠰᠠᠷ᠎ᠠ ᠶᠢᠨ 21 ᠤ ᠡᠳᠦᠷ ᠪᠤᠭᠤᠲᠤ | ᠬᠤᠲᠠ ᠶᠢᠨ ᠰᠥᠩ ᠬᠠᠯᠢᠶ᠎ᠠ ᠶᠢ ᠰᠡᠷᠭᠡᠶᠢᠯᠡᠬᠦ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠲᠤ ᠲᠣᠮᠢᠯᠠᠨ ᠰᠠᠭᠤᠯᠭᠠᠵᠤ ᠠᠵᠢᠯ ᠦᠷᠨᠢᠭᠦᠯᠪᠡ᠃ ᠳᠥᠷᠪᠡ ᠳᠤ | ᠪᠠᠴᠢᠮ ᠪᠠᠶᠢᠳᠠᠯ ᠢ ᠠᠷᠭᠠᠴᠠᠭᠠᠵᠤ ᠦᠶᠡᠷ ᠢ ᠵᠠᠯᠠᠬᠤ ᠣᠷᠣᠨ ᠤ ᠬᠠᠮᠢᠶᠠᠷᠤᠯᠲᠠ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠪᠡᠯᠡᠳᠬᠡᠯ ᠠᠵᠢᠯ ᠢ ᠡᠬᠢᠯᠡᠭᠦᠯᠦᠨ | ᠰᠠᠶᠢᠲᠤᠷ ᠬᠢᠯᠭᠡᠵᠦ᠂ ᠦᠶᠡᠷ ᠵᠠᠯᠠᠬᠤ ᠵᠠᠮ ᠰᠤᠪᠠᠭ ᠢ ᠤᠷᠢᠳᠴᠢᠯᠠᠨ ᠴᠡᠪᠡᠷᠯᠡᠵᠦ ᠨᠡᠪᠲᠡᠷᠡᠭᠦᠯᠦᠨ᠂ ᠬᠠᠭᠠᠯᠲᠠ ᠶᠢ ᠪᠠᠶᠢᠴᠠᠭᠠᠨ ᠵᠠᠰᠠᠵᠤ᠂ ᠰᠥᠩ ᠬᠠᠯᠢᠶ᠎ᠠ ᠶᠢ | ᠵᠠᠯᠠᠬᠤ ᠲᠥᠰᠥᠯ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠵᠢᠯᠣᠭᠤᠳᠤᠨ ᠲᠡᠭᠦᠯᠳᠡᠷᠵᠢᠭᠦᠯᠪᠡ︔ ᠪᠠᠴᠢᠮ ᠪᠠᠶᠢᠳᠠᠯ ᠢ ᠠᠷᠭᠠᠴᠠᠭᠠᠬᠤ᠂ ᠴᠠᠭ | ᠠᠭᠤᠷ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠪᠠᠷ ᠲᠣᠬᠢᠷᠠᠭᠤᠯᠬᠤ᠂ | ᠰᠥᠩ ᠬᠠᠯᠢᠶ᠎ᠠ ᠶᠢ ᠰᠡᠷᠭᠡᠶᠢᠯᠡᠨ ᠠᠶᠤᠯ ᠠᠴᠠ ᠠᠪᠤᠷᠠᠬᠤ᠂ ᠬᠠᠲᠣᠨ ᠭᠤᠣᠯ ᠯᠤᠭ᠎ᠠ ᠬᠤᠯᠪᠣᠭᠳᠠᠬᠤ ᠠᠮᠤᠷ ᠲᠦᠪᠰᠢᠨ ᠵᠡᠷᠭᠡ ᠶᠢᠨ ᠠᠵᠢᠯ ᠤᠳ ᠢ ᠰᠠᠶᠢᠲᠤᠷ ᠬᠢᠵᠦ | ᠪᠠᠶᠢᠨ᠎ᠠ᠃ ︵ᠤᠰᠤᠨ ᠠᠰᠢᠭᠯᠠᠯᠲᠠ ᠶᠢᠨ ᠲᠢᠩᠬᠢᠮ︶ | | |