︽ᠠᠪᠠᠭ᠎ᠠ ᠡ᠂ ᠢᠩᠬᠢᠵᠦ ᠵᠢᠭᠳᠡ ᠰᠠᠴᠤᠪᠠᠯ ᠰᠠᠶ᠋ᠢ ᠬᠦᠷᠦᠰᠦ ᠰᠢᠷᠤᠢ ᠶᠢᠨ ︿ᠰᠢᠮ᠎ᠡ ᠲᠡᠵᠢᠭᠡᠯ﹀ ᠲᠡᠩᠴᠡᠬᠦᠷᠢᠲᠠᠢ ᠪᠤᠯᠵᠦ ᠴᠢᠳᠠᠨ᠎ᠠ ᠁︾ 2 | ᠰᠠᠷ᠎ᠠ ᠶᠢᠨ 23 ᠤ ᠡᠳᠦᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠢᠩᠭᠠᠨ ᠠᠶᠢᠮᠠᠭ ᠤᠨ ᠵᠠᠯᠠᠶᠢᠳ | ᠬᠤᠰᠢᠭᠤᠨ ᠤ ᠬᠤᠯᠪᠣᠭ᠎ᠠ ᠪᠠᠯᠭᠠᠰᠤᠨ ᠤ ᠡᠦ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ | ᠳ᠋ᠦ᠋ ᠭᠠᠩ ᠲᠠᠷᠢᠶᠠᠴᠢᠳ ᠲᠤ ᠪᠤᠷᠳᠤᠭᠤᠷ ᠢ ᠵᠦᠪ ᠰᠠᠴᠤᠬᠤ ᠠᠷᠭ᠎ᠠ ᠮᠡᠷᠭᠡᠵᠢᠯ ᠢ ᠬᠦᠯᠢᠴᠡᠩᠭᠦᠢ ᠵᠢᠭᠠᠨ ᠵᠢᠯᠣᠭᠤᠳᠤᠨ᠎ᠠ᠃ ᠦᠭᠡ ᠬᠡᠯᠡᠬᠦ ᠶᠢᠨ ᠳᠠᠭᠠᠥ ᠳ᠋ᠦ᠋ ᠭᠠᠩ | ᠪᠤᠷᠳᠤᠭᠤᠷ ᠰᠠᠴᠤᠬᠤ ᠲᠡᠷᠭᠡᠨ ᠳᠤ ᠭᠠᠷᠴᠤ᠂ ᠲᠠᠷᠢᠶᠠᠨ ᠭᠠᠵᠠᠷ ᠢᠶᠠᠷ ᠨᠠᠭᠠᠰᠢ ᠴᠠᠭᠠᠰᠢ ᠰᠦᠯᠵᠢᠯᠳᠦᠨ᠎ᠡ᠃ | ᠠᠵᠢᠯᠴᠢ ᠬᠥᠮᠦᠨ ᠬᠠᠪᠤᠷ ᠡᠷᠲᠡ ᠠᠴᠠ ᠬᠦᠳᠡᠯᠳᠡᠭ᠃ ᠴᠠᠭᠠᠨ ᠰᠠᠷ᠎ᠠ ᠥᠩᠭᠡᠷᠡᠮᠡᠭᠴᠡ᠂ ᠳ᠋ᠦ᠋ ᠭᠠᠩ ︽ᠬᠠᠪᠤᠷ ᠤᠨ ᠲᠠᠷᠢᠶᠠᠯᠠᠭ᠎ᠠ ᠶᠢᠨ ᠵᠠᠭᠪᠤᠷ︾ ᠢ | ᠡᠬᠢᠯᠡᠭᠦᠯᠵᠦ᠂ ᠬᠤᠷᠰᠢᠶ᠎ᠠ ᠶᠢᠨ ᠭᠡᠰᠢᠭᠦᠳ ᠲᠠᠢ ᠪᠠᠨ ᠬᠠᠮᠲᠤ ᠲᠠᠷᠢᠶᠠᠯᠠᠩ ᠤᠨ ᠮᠠᠰᠢᠨ ᠪᠠᠭᠠᠵᠢ ᠪᠠᠨ ᠪᠠᠶᠢᠴᠠᠭᠠᠨ ᠰᠡᠯᠪᠢᠵᠦ᠂ ᠬᠠᠷ᠎ᠠ ᠬᠥᠷᠥᠰᠥᠲᠦ ᠭᠠᠵᠠᠷ ᠲᠤ | ᠣᠷᠭᠠᠨᠢᠭ ᠪᠤᠷᠳᠤᠭᠤᠷ ᠣᠷᠣᠭᠤᠯᠪᠠ ᠁ | ᠡᠳᠦᠷ ᠲᠡᠭᠡᠨ ᠲᠠᠷᠢᠶᠠᠨ ᠠᠵᠢᠯ ᠳᠤ ᠬᠦᠶᠦᠵᠦ᠂ ᠤᠷᠤᠢ ᠳᠠᠭᠠᠨ ᠰᠠᠨᠠᠯ ᠰᠠᠨᠠᠭᠤᠯᠭ᠎ᠠ ᠪᠢᠴᠢᠵᠦ ᠶᠠᠭᠠᠷᠠᠨ᠎ᠠ᠃ ᠪᠥᠬᠦ ᠤᠯᠤᠰ ᠤᠨ ᠬᠤᠶᠠᠷ ᠬᠤᠷᠠᠯ ᠤᠳᠠᠯ | ᠥᠬᠡᠶ ᠬᠤᠷᠠᠯᠳᠤᠬᠤ ᠪᠠᠷ ᠪᠣᠶ᠂ ᠡᠨᠡ ᠬᠡᠳᠦᠨ ᠡᠳᠦᠷ ᠳ᠋ᠦ᠋ ᠭᠠᠩ ᠨᠠᠩ ᠴᠤ ᠶᠠᠭᠠᠷᠠᠦ ᠪᠤᠯᠵᠠᠢ᠃ | ︽ᠲᠠᠷᠢᠶᠠᠨ ᠠᠵᠢᠯ ᠬᠢᠬᠦ ᠨᠢ ᠪᠠᠰᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠤᠷᠢᠶᠠᠬᠤ ᠰᠠᠶᠢᠨ ᠴᠠᠭ ᠲᠣᠬᠢᠶᠠᠯ ᠮᠥᠨ᠃︾ ᠳ᠋ᠦ᠋ ᠭᠠᠩ᠂ | ᠭᠠᠭᠴᠠ ᠬᠦ ᠠᠷᠠᠳ ᠤᠯᠠᠨ ᠤ ᠳᠤᠮᠲᠠ ᠬᠦᠨᠵᠡᠬᠡᠶᠢᠷᠡᠵᠤ᠂ ᠤᠯᠠᠨ ᠲᠦᠮᠡᠨ ᠲᠠᠢ ᠰᠡᠳᠭᠢᠯ ᠨᠢᠭᠡᠳᠦᠨ ᠬᠦᠴᠦᠨ ᠢᠶᠠᠨ ᠬᠠᠮᠲᠤᠳᠬᠠᠪᠠᠯ ᠰᠠᠶ᠋ᠢ ᠤᠯᠠᠨ ᠲᠦᠮᠡᠨ ᠤ | ᠪᠤᠳᠤᠯ ᠰᠠᠨᠠᠭ᠎ᠠ ᠶᠢ ᠣᠶᠢᠯᠠᠭᠠᠵᠤ᠂ ᠠᠷᠠᠳ ᠲᠦᠮᠡᠨ ᠠᠴᠠ ᠣᠯᠭᠤᠭᠰᠠᠨ ᠡᠷᠬᠡ ᠪᠠᠨ ᠰᠠᠶᠢᠲᠤᠷ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠦᠢᠯᠡᠳᠦᠯᠭᠡᠵᠢᠭᠦᠯᠵᠦ ᠴᠢᠳᠠᠨ᠎ᠠ ᠭᠡᠪᠡ᠃ | ᠳ᠋ᠦ᠋ ᠭᠠᠩ ᠢᠩᠭᠢᠵᠦ ᠬᠡᠯᠡᠭᠰᠡᠨ ᠪᠦᠭᠡᠳ ᠮᠥᠨ ᠢᠩᠭᠢᠵᠦ ᠬᠢᠭᠰᠡᠭᠡᠷ ᠢᠷᠡᠵᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠠᠷ ᠰᠣᠩᠭᠤᠭᠳᠠᠭᠰᠠᠨ ᠠᠴᠠ ᠨᠠᠭᠠᠰᠢ᠂ ᠲᠡᠷᠡ ᠦᠷᠭᠦᠯᠵᠢ ᠲᠠᠷᠢᠶᠠᠨ ᠦᠵᠦᠬᠦᠷ᠂ ᠲᠣᠰᠬᠤᠨ ᠤ ᠠᠷᠠᠳ ᠤᠨ ᠭᠡᠷ ᠲᠤ ᠬᠦᠷᠴᠦ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ᠂ ᠤᠯᠠᠨ ᠲᠦᠮᠡᠨ ᠤ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠤᠲᠤᠭ ᠤᠨ ᠠᠬ᠎ᠠ | ᠳᠡᠭᠦᠦ ᠨᠡᠷ ᠤᠨ ᠴᠢᠩ ᠰᠡᠳᠭᠢᠯ ᠤᠨ ᠬᠦᠰᠡᠯ ᠡᠷᠡᠮᠡᠯᠵᠡᠯ ᠢ ᠨᠢᠭᠡᠳ ᠨᠢᠭᠡ ᠪᠠᠷ ᠴᠢᠨᠠᠷ ᠰᠠᠶᠢᠲᠠᠢ ᠰᠠᠨᠠᠯ ᠰᠠᠨᠠᠭᠤᠯᠭ᠎ᠠ ᠪᠣᠯᠭᠠᠨ ᠬᠤᠪᠢᠷᠠᠭᠤᠯᠪᠠ᠃ ︽ᠳ᠋ᠦ᠋ ᠭᠠᠩ ᠪᠣᠯ | ᠪᠢᠳᠡᠨ ᠤ ᠳᠣᠲᠣᠨᠣ ᠬᠥᠮᠦᠨ᠂ ᠤᠴᠢᠷ ᠶᠠᠪᠤᠳᠠᠯ ᠪᠦ᠋ᠬᠦᠨ ᠢ ᠪᠦᠷ ᠪᠢᠳᠡᠨ ᠤ ᠡᠮᠦᠨ᠎ᠡ ᠠᠴᠠ ᠪᠤᠳᠤᠯᠬᠢᠯᠠᠲᠠᠭ᠃ ᠪᠢᠳᠡᠨ ᠢ ᠬᠠᠪᠰᠤᠷᠴᠤ ᠲᠠᠷᠢᠵᠦ ᠤᠷᠭᠤᠭᠤᠯᠬᠤ | ᠮᠡᠷᠭᠡᠵᠢᠯ ᠤᠨ ᠰᠢᠨ᠎ᠡ ᠶᠢ ᠡᠭᠦᠳᠴᠦ᠂ ᠪᠣᠷᠣᠯᠠᠭᠤᠯᠭ᠎ᠠ ᠶᠢᠨ ᠵᠠᠮ ᠢ ᠥᠷᠭᠡᠳᠭᠡᠵᠦ᠂ ᠲᠠᠷᠢᠶᠠᠴᠢᠳ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠵᠡᠢ︾ ᠭᠡᠵᠦ | ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠡᠦ ᠳ᠋ᠤᠤ ᠾᠧ ᠽᠢ ᠲᠣᠰᠬᠤᠨ ᠤ ᠠᠷᠠᠳ ᠰᠦ᠋ ᠬᠠᠢ ᠵᠢᠶᠦ᠋ᠨ ᠪᠠᠶᠠᠷᠲᠠᠢ ᠬᠡᠯᠡᠨ᠎ᠡ᠃ | ︽ᠠᠷᠠᠳ ᠤᠨ ᠲᠥᠯᠥᠭᠡᠯᠡᠭᠴᠢ ᠤᠯᠠᠨ ᠲᠦᠮᠡᠨ ᠲᠠᠢ ᠰᠡᠳᠭᠢᠯ ᠵᠢᠷᠦᠬᠡ ᠪᠠᠨ ᠬᠤᠯᠪᠣᠵᠤ᠂ ᠦᠨᠡᠨ ᠰᠡᠳᠭᠢᠯ ᠠᠴᠠ ᠪᠠᠨ ᠤᠯᠠᠨ ᠲᠦᠮᠡᠨ ᠳᠤ ᠪᠣᠳᠠᠲᠤ | ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ︿ᠠᠷᠠᠳ ᠲᠦᠮᠡᠨ ᠨᠠᠮ᠎ᠠ ᠶᠢ ᠲᠥᠯᠥᠭᠡᠯᠡᠭᠴᠢ ᠪᠠᠷ ᠰᠣᠩᠭᠤᠵᠤ᠂ ᠮᠢᠨᠦ ᠲᠥᠯᠥᠭᠡᠯᠡᠭᠴᠢ ᠪᠤᠯᠬᠤ ᠨᠢ | ᠠᠷᠠᠳ ᠲᠦᠮᠡᠨ ᠤ ᠲᠥᠯᠥᠭᠡ ᠪᠠᠶᠢᠬᠤ﹀ ᠲᠥᠪ ᠴᠢᠩᠭ᠎ᠠ ᠠᠮᠠᠯᠠᠯᠲᠠ ᠪᠠᠨ ᠪᠣᠳᠠᠲᠠᠢ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠦᠨ᠎ᠠ︾ ᠬᠡᠬᠦ ᠳ᠋ᠦ᠋ ᠭᠠᠩ ᠤᠨ ᠦᠭᠡ | ᠰᠢᠭᠤᠷᠬᠠᠢ ᠪᠦᠭᠡᠳ ᠬᠦᠴᠦ ᠲᠠᠢ᠃ | ︽85 ᠣᠨ ᠠᠴᠠ ᠰᠡᠭᠦᠯᠡᠷ ᠲᠥᠷᠥᠭᠰᠡᠨ︾ ᠰᠢᠨ᠎ᠡ ᠲᠠᠷᠢᠶᠠᠴᠢᠨ ᠪᠣᠯᠤᠭᠰᠠᠨ ᠤ ᠬᠤᠪᠢ ᠳᠤ᠂ ᠳ᠋ᠦ᠋ ᠭᠠᠩ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ | ᠳᠠᠭᠠᠵᠤ᠂ ᠣᠶᠤᠨᠴᠢ ᠲᠠᠷᠢᠶᠠᠯᠠᠩ᠂ ᠠᠮᠢ ᠠᠬᠤᠶ ᠶᠢᠨ ᠲᠠᠷᠢᠶᠠᠯᠠᠩ᠂ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠳᠡᠭᠡᠷ᠎ᠡ ᠦᠷᠭᠦᠯᠵᠢᠯᠡᠨ ᠬᠦᠴᠦᠯᠡᠵᠤ᠂ ᠲᠠᠷᠢᠶᠠᠴᠢᠨ | ᠡᠷᠦᠬᠡ ᠶᠢ ᠳᠠᠭᠠᠭᠤᠯᠤᠨ ᠣᠯᠠᠨ ᠵᠦᠢᠯ ᠤᠨ ᠠᠮᠤ ᠪᠤᠳᠠᠭ᠎ᠠ ᠳᠠᠷᠢᠵᠤ᠂ ᠴᠢᠨᠠᠷᠯᠢᠭ ᠠᠮᠤ ᠪᠤᠳᠠᠭ᠎ᠠ ᠳᠠᠷᠢᠪᠠ᠃ ᠰᠢᠷᠭᠠᠭᠤ ᠬᠥᠳᠡᠯᠮᠦᠷᠢ ᠶᠢᠨ ᠬᠠᠷᠢᠭᠤ ᠦᠷ᠎ᠡ | ᠪᠦᠲᠦᠭᠡᠯ ᠡᠯᠪᠡᠭ᠃ ᠡᠤ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ 1.2 ᠲᠦᠮᠡᠨ ᠮᠥ ᠲᠠᠷᠢᠮᠠᠯ ᠵᠢᠯ ᠳᠠᠷᠠᠭᠠᠯᠠᠨ ᠡᠯᠪᠡᠭ | ᠬᠤᠷᠢᠶᠠᠯᠲᠠ ᠣᠯᠵᠤ᠂ ᠨᠢᠳᠤᠨᠤᠨ ᠤ ᠠᠮᠤ ᠪᠤᠳᠠᠭᠠᠨ ᠤ ᠶᠡᠷᠦᠩᠬᠡᠶ ᠤᠨᠠᠯᠲᠠ 10000 ᠲᠣᠨ ᠢ ᠳᠠᠪᠠᠪᠠ᠃ ᠲᠣᠰᠬᠤᠨ ᠤ ᠠᠷᠠᠳ ᠤᠨ ᠤᠷᠤᠯᠭ᠎ᠠ ᠨᠡᠮᠡᠭᠳᠡᠵᠦ | ᠠᠮᠢᠳᠤᠷᠠᠯ ᠤᠯᠠᠮ ᠰᠠᠶᠢᠵᠢᠷᠠᠪᠠ᠃ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠳᠤ᠂ ᠳ᠋ᠦ᠋ ᠭᠠᠩ ︽ᠭᠤᠤᠯ ᠪᠣᠯᠬᠤ ᠠᠮᠤ ᠲᠣᠰᠣᠨ ᠤ ᠲᠠᠷᠢᠮᠠᠯ ᠤᠨ ᠲᠠᠯᠠᠪᠠᠶ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠬᠠᠶ ᠰᠠᠨᠠᠭᠤᠯᠭ᠎ᠠ︾ ᠶᠢ ᠳᠡᠪᠰᠢᠭᠦᠯᠬᠦ ᠪᠠᠷ ᠪᠡᠯᠡᠳᠭᠡᠵᠦ᠂ ᠠᠮᠤ ᠪᠤᠳᠠᠭᠠᠨ ᠤ ᠤᠨᠠᠯᠲᠠ ᠶᠢᠨ | ᠨᠡᠮᠡᠭᠳᠡᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠤᠯᠠᠮ ᠠᠬᠢᠭᠤᠯᠬᠤ ᠳᠤ ᠠᠷᠭ᠎ᠠ ᠤᠬᠠᠭᠠᠨ ᠳᠡᠪᠰᠢᠭᠦᠯᠬᠦ ᠪᠠᠷ ᠪᠤᠢ᠃ | ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠢᠷᠠᠭᠤ ᠠᠯᠳᠠᠷ ᠮᠥᠷᠲᠡᠭᠡᠨ ᠬᠦᠨᠳᠦ ᠬᠠᠷᠢᠭᠤᠴᠠᠯᠭ᠎ᠠ ᠮᠥᠨ᠂ ᠪᠢ | ᠥᠩᠭᠡᠷᠡᠭᠰᠡᠨ ᠲᠠᠢ ᠪᠠᠨ ᠠᠳᠠᠯᠢᠬᠠᠨ ᠦᠨᠳᠦᠰᠦᠨ ᠱᠠᠲᠤᠨ ᠳᠤ ᠬᠦᠨᠵᠡᠭᠡᠶᠢᠷᠡᠨ ᠣᠯᠠᠨ ᠲᠦᠮᠡᠨ ᠳᠤ ᠦᠢᠯᠡᠴᠢᠯᠡᠵᠦ᠂ ᠬᠥᠳᠡᠭᠡ ᠲᠣᠰᠬᠤᠨ ᠲᠠᠢ ᠰᠡᠳᠬᠢᠯ ᠢᠶᠠᠨ | ᠬᠤᠯᠪᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠵᠦ ᠳ᠋ᠦ᠋ ᠭᠠᠩ ᠢᠯᠡᠳᠬᠡᠪᠡ᠃ | ᠰᠤᠷᠪᠤᠯᠵᠢᠯᠠᠭᠴᠢ ᠶᠢᠨ ᠡᠪᠦᠷ ᠲᠡᠮᠳᠡᠭᠯᠡᠯ | ᠴᠢᠨᠠᠷ ᠰᠠᠶᠢᠲᠠᠶ ᠰᠠᠨᠠᠭᠤᠯᠭ᠎ᠠ ᠪᠠᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠭᠦᠨ᠎ᠡ | ᠳ᠋ᠦ᠋ ᠭᠠᠩ ᠲᠥᠯᠥᠭᠡᠯᠡᠭᠴᠢ ᠶᠢ ᠰᠤᠷᠪᠤᠯᠵᠢᠯᠠᠬᠤ ᠦᠶ᠎ᠡ ᠳᠤ᠂ ᠲᠡᠷᠡ ᠶᠠᠭ ᠲᠠᠷᠢᠶᠠᠨ ᠭᠠᠵᠠᠷ ᠲᠠᠭᠠᠨ ᠮᠠᠰᠢᠨ ᠵᠢᠯᠣᠭᠤᠳᠴᠤ ᠣᠷᠭᠠᠨᠢᠭ ᠪᠣᠷᠲᠣᠭᠤᠷ ᠰᠠᠴᠤᠨ | ᠶᠠᠭᠠᠷᠠᠵᠤ ᠪᠠᠶᠢᠯ᠎ᠠ᠃ ᠠᠵᠢᠯ ᠤᠨ ᠵᠠᠪᠰᠠᠷ ᠲᠠᠭᠠᠨ ᠲᠠᠷᠢᠶᠠᠴᠢᠳ ᠤᠨ ᠳᠠᠷᠢᠵᠤ ᠤᠷᠭᠤᠭᠤᠯᠬᠤ ᠤᠷ᠎ᠠ ᠮᠡᠷᠭᠡᠵᠢᠯ ᠢ ᠵᠢᠯᠣᠭᠤᠳᠴᠦ᠂ ᠣᠯᠠᠨ ᠲᠦᠮᠡᠨ ᠤ ᠬᠦᠰᠡᠯ | ᠡᠷᠡᠮᠡᠯᠵᠡᠯ ᠢ ᠠᠰᠠᠭᠤᠨ ᠬᠠᠯᠠᠮᠵᠢᠯᠠᠨ᠎ᠠ᠃ ᠯᠠᠪᠳᠠᠭᠤᠨ ᠪᠠᠲᠤᠲᠠᠢ ᠪᠠᠷ ᠤᠯᠠᠨ ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ | ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠠ᠃ | ᠲᠡᠷᠡ ᠪᠣᠯ ᠤᠯᠠᠨ ᠲᠦᠮᠡᠨ ᠤ ᠰᠡᠳᠭᠢᠯ ᠢ ᠮᠡᠳᠡᠭᠴᠢ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠤᠭᠴᠢ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠪᠠᠶᠢᠷᠢ ᠳᠡᠭᠡᠷ᠎ᠡ ᠪᠠᠨ ᠲᠡᠷᠡ ᠪᠠᠰᠠ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠠᠷᠠᠳ ᠲᠦᠮᠡᠨ ᠳᠤ ᠦᠢᠯᠡᠴᠢᠯᠡᠬᠦ | ᠪᠣᠯᠤᠨ᠎ᠠ᠃ | ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠤᠯᠠᠨ ᠲᠦᠮᠡᠨ ᠤ ᠣᠷᠣᠯᠠᠨ ᠥᠭᠦᠯᠡᠭᠴᠢ ᠮᠥᠨ᠃ ᠵᠦᠪᠭᠡᠨ ᠲᠠᠷᠢᠶᠠᠨ | ᠭᠠᠵᠠᠷ ᠲᠤ ᠭᠦᠨᠵᠡᠭᠡᠶᠢᠷᠡᠵᠦ᠂ ᠠᠷᠠᠳ ᠤᠨ ᠪᠠᠶᠢᠳᠠᠯ ᠢ ᠤᠶᠢᠯᠠᠭᠠᠨ᠂ ᠠᠷᠠᠳ ᠤᠨ ᠰᠠᠨᠠᠭ᠎ᠠ ᠶᠢ ᠰᠣᠨᠣᠰᠪᠠᠯ ᠰᠠᠶ᠋ᠢ ᠬᠠᠯᠠᠭᠤᠨ ᠳᠤᠯᠠᠭᠠᠨ᠂ ᠭᠦᠨ ᠭᠦᠨᠵᠡᠭᠡᠢ | ᠰᠠᠨᠠᠭᠤᠯᠭ᠎ᠠ ᠭᠠᠷᠭᠠᠵᠦ ᠴᠢᠳᠠᠨ᠎ᠠ︾᠃ ᠳ᠋ᠦ᠋ ᠭᠠᠩ ᠬᠤᠶᠢᠰᠢᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠵᠠᠮ ᠳᠡᠭᠡᠷ᠎ᠡ᠂ ᠴᠢᠨᠠᠷ ᠰᠠᠶᠢᠲᠠᠶ | ᠰᠠᠨᠠᠭᠤᠯᠭ᠎ᠠ ᠪᠠᠷ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠦᠨ᠎ᠡ ᠭᠡᠵᠦ ᠶᠠᠷᠢᠵᠦ ᠪᠠᠶᠢᠯ᠎ᠠ᠃ | |