3 ᠳ᠋ᠤᠭᠠᠷ ᠰᠠᠷ᠎ᠠ ᠶᠢᠨ 13 ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠰᠢᠶᠤᠤ ᠮᠢᠩ ᠬᠤᠷᠠᠯ ᠡᠷᠭᠢᠯᠡᠵᠦ᠂ ᠥᠪᠥᠷ ᠮᠣᠩᠭᠤᠯ ᠤᠨ ᠮᠥᠩᠭᠦᠨ | ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠵᠠᠩ ᠶᠢᠨ ᠯᠢᠶᠠᠩ | ᠣᠷᠣᠯᠴᠠᠵᠠᠶ᠃ | ᠬᠤᠶᠠᠷ ᠲᠠᠯ᠎ᠠ ᠪᠠᠷ ᠢᠶᠠᠨ ᠲᠤᠰᠬᠠᠢ ᠲᠦᠷᠦᠯ ᠤᠨ ᠡᠳ᠋ ᠬᠦᠷᠦᠩᠭᠡ ᠶᠢ ᠰᠢᠢᠳᠪᠦᠷᠢᠯᠡᠬᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠭᠦᠢᠯᠭᠡᠭᠡᠯᠡᠬᠦ᠂ | ᠰᠠᠭᠤᠷᠢ ᠮᠥᠩᠭᠦ ᠶᠢᠨ ᠬᠠᠮᠢᠶᠠᠷᠤᠯᠲᠠ ᠵᠡᠷᠭᠡ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠶᠠᠷᠢᠯᠴᠠᠨ ᠰᠣᠯᠢᠯᠴᠠᠬᠤ ᠶᠢᠨ ᠬᠠᠮᠲᠤ ᠥᠷᠭᠡᠨ ᠳᠡᠯᠭᠡᠷ ᠬᠠᠮᠲᠤ ᠶᠢᠨ | ᠲᠠᠨᠢᠯᠲᠠ ᠲᠠᠢ ᠪᠣᠯᠪᠠ᠃ ᠵᠢᠶᠠ ᠰᠢᠶᠤᠤ ᠮᠢᠩ᠂ ᠵᠠᠩ ᠶᠢᠨ ᠯᠢᠶᠠᠩ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ | ᠵᠢᠢ ᠶᠦᠩ ᠴᠢᠶᠠᠨ ᠵᠠᠩ ᠶᠢᠨ ᠯᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ | ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠥᠯᠥᠨ ᠪᠤᠶᠢᠷ ᠲᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠡᠷᠡ᠂ ᠣᠳᠣᠬᠠᠨ ᠳᠤ ᠪᠦᠬᠦ ᠬᠤᠳᠠ ᠪᠠᠷ ᠢᠶᠠᠨ ᠶᠠᠭ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭᠠᠨ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠵᠤ᠂ ᠬᠥᠭᠵᠢᠯᠲᠡ ᠶᠢᠨ ᠬᠠᠨᠳᠤᠰᠢ ᠰᠠᠶᠢᠨ᠂ ᠢᠷᠡᠭᠡᠳᠦᠢ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ | ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠥᠩᠭᠡᠷᠡᠭᠰᠡᠨ ᠲᠠᠢ ᠪᠠᠨ ᠠᠳᠠᠯᠢ ᠪᠠᠷ ᠬᠥᠯᠥᠨ ᠪᠤᠶᠢᠷ ᠢ | ᠬᠠᠯᠠᠮᠵᠢᠯᠠᠨ ᠳᠡᠮᠵᠢᠵᠦ᠂ ᠮᠥᠩᠭᠦᠨ ᠭᠦᠢᠯᠭᠡᠭᠡᠨ ᠤ ︽ᠠᠮᠢᠳᠤ ᠤᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠮᠲᠤᠷᠠᠯᠴᠠᠭᠠᠨ ᠤ ᠣᠷᠣᠨ ᠵᠠᠶ ᠶᠢ | ᠥᠷᠭᠡᠳᠬᠡᠵᠦ᠂ ᠭᠠᠷ ᠬᠤᠯᠪᠣᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ | ᠵᠠᠩ ᠶᠢᠨ ᠯᠢᠶᠠᠩ ᠺᠣᠮᠫᠠᠨᠢ ᠶᠢᠨ ᠦᠨᠳᠦᠰᠦᠨ ᠪᠠᠶᠢᠳᠠᠯ ᠵᠢᠴᠢ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠵᠠᠭᠪᠤᠷ ᠢ ᠲᠠᠨᠢᠯᠴᠠᠭᠤᠯᠪᠠ᠃ ᠲᠡᠷᠡ᠂ | ᠬᠥᠯᠥᠨ ᠪᠤᠶᠢᠷ ᠬᠤᠳᠠ ᠶᠢᠨ ᠠᠵᠤ ᠦᠢᠯᠡᠰ ᠤᠨ ᠰᠠᠭᠤᠷᠢ ᠪᠠᠲᠤ᠂ ᠮᠥᠩᠭᠦᠨ ᠭᠦᠢᠯᠭᠡᠭᠡᠨ ᠤ ᠠᠮᠢ ᠠᠬᠤᠢ ᠰᠠᠶᠢᠨ ᠪᠠᠶᠢᠨ᠎ᠠ᠂ ᠥᠪᠥᠷ ᠮᠣᠩᠭᠤᠯ ᠤᠨ ᠮᠥᠩᠭᠦᠨ | ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠬᠠᠮᠲᠤᠷᠠᠯᠴᠠᠭᠠᠨ ᠤ ᠠᠭᠤᠯᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ | ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠥᠯᠥᠨ ᠪᠤᠶᠢᠷ ᠤᠨ ᠬᠥᠭᠵᠢᠯᠲᠡ ᠳᠤ ᠨᠡᠩ ᠴᠢᠨᠠᠷ ᠰᠠᠶᠢᠲᠠᠢ ᠥᠨᠳᠥᠷ ᠪᠦᠲᠦᠮᠵᠢᠲᠡᠢ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ | ᠢᠯᠡᠳᠬᠡᠪᠡ᠃ | |