ᠸᠠᠩ ᠸᠠᠩ ᠱᠧᠩ ᠵᠢᠢ ᠶᠦᠩ ᠴᠢᠶᠠᠨ ᠳᠤᠮᠳᠠᠳᠤ ᠤᠯᠤᠰ ᠤᠨ ᠰᠢᠵᠢᠷ ᠠᠯᠲᠠ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠢᠨ ᠴᠠᠩ ᠪᠥᠸᠧ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/17
       3 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠳᠤᠮᠳᠠᠳᠤ ᠤᠯᠤᠰ ᠤᠨ ᠰᠢᠵᠢᠷ ᠠᠯᠳ᠋ᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠡᠷᠡᠭ ᠮᠡᠳᠡᠭᠴᠢ᠂ ᠶᠡᠷᠦᠩᠬᠡᠶ ᠳᠠᠭᠠᠭᠠᠮᠠᠯ ᠶᠢᠨ ᠴᠠᠩ ᠪᠥᠸᠧ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠠᠯᠬᠤᠮ ᠴᠢᠨᠠᠭᠰᠢᠳᠠ ᠴᠢᠩᠭᠠᠳᠬᠠᠬᠤ ᠲᠤᠬᠠᠶ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠪᠠ᠃       ᠸᠠᠩ ᠸᠠᠩ ᠱᠧᠩ ᠶᠢᠨ ᠴᠠᠩ ᠪᠥᠸᠧ ᠨᠡᠷ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠥᠯᠥᠨ ᠪᠤᠶᠢᠷ ᠤᠨ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠨᠢᠭᠡᠨᠲᠡ ᠪᠠᠶᠢᠭ᠎ᠠ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠡᠷᠦᠩᠬᠡᠶᠢᠯᠡᠭᠰᠡᠨ ᠠᠰᠢᠭᠯᠠᠯᠲᠠ ᠶᠢ ᠴᠢᠩᠭᠠᠳᠬᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠂ ᠮᠥᠨᠴᠦ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠭᠠᠷᠳᠠᠴᠠ ᠪᠣᠯᠤᠨ᠎ᠠ᠃ ᠣᠳᠣᠬᠠᠨ ᠳᠤ᠂ ᠬᠥᠯᠥᠨ ᠪᠤᠶᠢᠷ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠬᠦᠷᠢᠶ᠎ᠡ ᠴᠠᠷᠠᠭ᠎ᠠ ᠪᠥᠬᠦ ᠡᠯᠧᠮᠧᠨ᠋ᠲ ᠤᠨ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠵᠡᠰ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠰᠢᠵᠢᠷ ᠠᠯᠲᠠ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠬᠥᠯᠥᠨ ᠪᠤᠶᠢᠷ ᠤᠨ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠬᠥᠯᠥᠨ ᠪᠤᠶᠢᠷ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠵᠤ᠂ ᠴᠢᠳᠠᠯ ᠤᠨ ᠬᠢᠷᠢ ᠪᠠᠷ ᠢᠶᠠᠨ ᠦᠢᠯᠡᠴᠢᠯᠡᠭᠡ ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠪᠣᠳᠠᠲᠠᠶ ᠲᠥᠷᠥᠯ ᠵᠦᠢᠯ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠪᠡᠶᠡᠯᠡᠭᠦᠯᠦᠨ᠎ᠡ ᠬᠡᠵᠡᠢ᠃       ᠶᠢᠨ ᠴᠠᠩ ᠪᠥᠸᠧ᠂ ᠳᠤᠮᠳᠠᠳᠤ ᠤᠯᠤᠰ ᠤᠨ ᠰᠢᠵᠢᠷ ᠠᠯᠲᠠ ᠪᠦᠯᠦᠭᠯᠡᠯ ᠤᠨ ᠬᠢᠵᠠᠭᠠᠷᠲᠤ ᠺᠣᠮᠫᠠᠨᠢ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠠᠭᠤᠰᠤᠯᠴᠠᠵᠤ᠂ ᠬᠥᠯᠥᠨ ᠪᠤᠶᠢᠷ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠥᠷᠭᠡᠳᠬᠡᠵᠦ᠂ ᠨᠠᠩ ᠣᠯᠠᠨ ᠳᠡᠮᠵᠢᠯᠭᠡ ᠣᠯᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠬᠠᠮᠲᠤ ᠪᠠᠷ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃       ᠬᠤᠳᠠ ᠶᠢᠨ ᠤᠳᠤᠷᠢᠳᠤᠯᠭ᠎ᠠ ᠸᠠᠩ ᠮᠧᠩ᠂ ᠵᠢᠶᠠ ᠰᠢᠶᠤᠤ ᠮᠢᠩ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ