3 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ | ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠥᠩᠭᠡᠷᠡᠭᠰᠡᠨ ᠨᠢᠭᠡ ᠵᠢᠯ ᠤᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ | ᠣᠯᠤᠭᠰᠠᠨ ᠰᠢᠨ᠎ᠡ ᠠᠬᠢᠴᠠ ᠰᠢᠨ᠎ᠡ ᠠᠮᠵᠢᠯᠲᠠ ᠶᠢ ᠭᠦᠨᠵᠡᠭᠡᠢ ᠡᠵᠡᠮᠳᠡᠵᠦ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ | ᠪᠣᠯᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠠᠴᠠ ᠬᠦᠴᠦᠯᠡᠴᠡ ᠪᠠᠨ ᠣᠨᠣᠪᠴᠢᠲᠠᠢ ᠣᠯᠵᠤ᠂ ᠭᠦᠨᠵᠡᠭᠡᠢ ᠨᠠᠷᠢᠨ ᠬᠢᠨᠠᠮᠠᠭᠠᠢ ᠰᠤᠳᠤᠯᠬᠤ ᠶᠢᠨ ᠬᠠᠮᠲᠤ | ᠰᠢᠰᠲ᠋ᠧᠮ ᠲᠠᠢ ᠵᠣᠯᠭᠠᠭᠤᠯᠤᠨ ᠨᠠᠷᠢᠯᠢᠬᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠪᠣᠳᠠᠲᠠᠢ ᠲᠠᠢ ᠤᠶᠠᠯᠳᠤᠭᠤᠯᠤᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠲᠣᠭᠲᠠᠭᠠᠵᠤ᠂ ᠪᠦᠬᠦ ᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠳᠤ ᠣᠷᠭᠠᠨᠢᠭ ᠢᠶᠠᠷ ᠠᠭᠤᠰᠤᠯᠴᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢ ᠬᠥᠯᠥᠨ ᠪᠤᠶᠢᠷ ᠤᠨ ᠡᠭᠦᠷᠭᠡ | ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠶᠠᠪᠤᠳᠠᠯ ᠪᠣᠯᠤᠨ᠎ᠠ᠃ ᠬᠤᠶᠠᠷ ᠬᠤᠷᠠᠯ ᠤᠨ ᠰᠠᠨᠠᠭᠤᠯᠭ᠎ᠠ ᠳᠤᠷᠠᠳᠤᠯᠭ᠎ᠠ ᠶᠢ ᠰᠢᠰᠲ᠋ᠧᠮ ᠲᠠᠢ ᠪᠠᠷ ᠡᠮᠬᠢᠯᠡᠵᠦ᠂ ᠢᠳᠡᠪᠬᠢᠲᠡᠢ ᠪᠠᠷ | ᠳᠡᠭᠡᠭᠰᠢ ᠵᠣᠯᠭᠠᠭᠤᠯᠵᠤ ᠳᠡᠮᠵᠢᠯᠭᠡ ᠤᠯᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠱᠠᠲᠤᠨ ᠤ ᠲᠣᠭᠤᠷᠢᠨ ᠪᠠᠶᠢᠴᠠᠭᠠᠵᠤ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠤᠯᠪᠣᠭᠠᠯᠠᠨ ᠰᠠᠶᠢᠲᠤᠷ ᠠᠳᠬᠤᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠥᠯ ᠲᠤᠰᠴᠤ ᠪᠤᠶᠢᠵᠢᠭᠤᠯᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ︽ | ᠬᠠᠪᠤᠷ ᠤᠨ ᠤᠯᠠᠷᠢᠯ ᠤᠨ ᠪᠣᠭᠤᠮᠲᠠ ᠰᠢᠪᠲᠤᠯᠬᠤ︾ ᠭᠤᠣᠯᠳᠠᠯᠭ᠎ᠠ ᠲᠠᠢ ᠠᠵᠢᠯ ᠢ ᠵᠣᠬᠢᠴᠠᠭᠤᠯᠤᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠢᠭᠡᠳᠦᠭᠡᠷ | ᠤᠯᠠᠷᠢᠯ ᠳᠤ ︽ᠰᠠᠶᠢᠨ ᠡᠬᠢᠯᠡᠯᠲᠡ︾ ᠲᠠᠢ᠂ ᠬᠠᠭᠠᠰ ᠵᠢᠯ ᠳᠤ ︽ᠬᠤᠤᠰ ᠳᠠᠪᠠᠯᠲᠠ ᠶᠢ ᠪᠡᠶᠡᠯᠡᠬᠦᠯᠬᠦ︾᠂ ᠪᠦᠬᠦ ᠵᠢᠯ ᠳᠤ ᠪᠠᠨ ︽ᠲᠠᠪᠤᠳᠤᠭᠠᠷ ᠢ ᠪᠠᠲᠤᠯᠠᠬᠤ︾ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ | ᠠᠬᠢᠭᠤᠯᠬᠤ︾ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠭᠤᠷᠪᠠᠨ ᠤᠯᠠᠨ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ | ᠬᠠᠭᠤᠷᠮᠠᠭ︾ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠠᠵᠢᠯ ᠬᠢᠵᠦ ᠦᠢᠯᠡᠰ ᠪᠤᠰᠬᠠᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | |