3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠲᠥᠪ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ | ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠡᠪᠲᠡᠷᠬᠡᠢ ᠰᠤᠷᠤᠯᠴᠠᠨ | ᠣᠶᠢᠯᠠᠭᠠᠵᠤ᠂ ᠭᠤᠣᠯ ᠠᠭᠤᠯᠭ᠎ᠠ ᠶᠢ ᠠᠮᠤᠷ ᠠᠮᠤᠭᠤᠯᠠᠩ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠬᠢᠨᠠᠯᠲᠠ ᠲᠠᠯᠪᠢᠬᠤ ᠲᠣᠭᠲᠠᠴᠠ ᠶᠢᠨ ᠰᠢᠨ᠎ᠡ ᠶᠢ ᠡᠭᠦᠳᠬᠦ | ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠭᠦᠨᠵᠡᠭᠡᠢ ᠠᠭᠤᠰᠤᠯᠴᠠᠭᠤᠯᠵᠤ᠂ ᠦᠷ᠎ᠡ ᠪᠦᠲᠦᠮᠵᠢ ᠭᠠᠷᠭᠠᠬᠤ ᠪᠠᠷ ᠪᠠᠷᠠᠬᠤ ᠦᠭᠡᠢ ᠪᠠᠰᠠ ᠦᠷ᠎ᠡ ᠪᠦᠲᠦᠭᠡᠯ ᠢ | ᠣᠨᠳᠣᠣᠰᠢᠭᠤᠯᠬᠤ ᠪᠠ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠵᠤ᠂ ᠭᠠᠳᠠᠭᠠᠳᠤ ᠲᠠᠢ ᠤᠯᠤᠯᠴᠠᠭ᠎ᠠ ᠤᠬᠠᠭᠤᠯᠭ᠎ᠠ ᠶᠢ ᠰᠠᠶᠢᠲᠤᠷ ᠬᠢᠵᠦ᠂ ᠰᠠᠶᠢᠨ ᠰᠠᠶᠢᠬᠠᠨ | ᠣᠷᠴᠢᠨ ᠲᠣᠭᠤᠷᠢᠨ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠬᠤᠳᠠ ᠶᠢᠨ ᠲᠠᠪᠤᠨ ᠶᠡᠭᠡ ᠡᠭᠦᠷᠭᠡ ᠶᠢ ᠪᠡᠶᠡᠯᠡᠬᠦᠯᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠨ ᠤ ᠡᠭᠦᠷᠭᠡ ᠶᠢᠨ ᠨᠠᠷᠢᠨ | ᠲᠠᠩᠰᠠ ᠲᠠᠢ ᠨᠢᠭᠲᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠬᠥᠮᠥᠷᠭᠡ ᠶᠢ ᠪᠠᠶᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠤᠯᠤᠰ ᠤᠨ ︽ᠲᠠᠪᠤᠨ | ᠶᠡᠭᠡ ᠠᠮᠤᠷ ᠲᠦᠪᠰᠢᠨ︾ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠤᠨ ᠬᠤᠯᠪᠣᠭᠳᠠᠯ ᠪᠥᠬᠦᠶ ᠵᠦᠢᠯᠡᠰ ᠢ | ᠰᠤᠳᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠯᠥᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ | ︽ᠨᠢᠭᠡ ᠵᠢᠷᠤᠭ︾ ︽ᠨᠢᠭᠡ ᠰᠦᠯᠵᠢᠶ᠎ᠡ︾ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ | ᠠᠳᠬᠤᠵᠤ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠥᠨᠳᠥᠷ ᠲᠦᠪᠰᠢᠨ ᠪᠥᠬᠦᠶ ᠬᠠᠮᠠᠭᠠᠯᠠᠯᠲᠠ | ᠪᠠ ᠴᠢᠨᠠᠷ ᠰᠠᠶᠢᠲᠠᠶ ᠬᠥᠭᠵᠢᠯᠲᠡ ᠶᠢ ᠬᠠᠮᠵᠢᠯᠴᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠡᠯ᠎ᠡ | ᠲᠤᠰᠬᠠᠢ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠲᠥᠰᠦᠯ ᠤᠨ ᠭᠤᠣᠯᠳᠠᠯᠭ᠎ᠠ ᠶᠢ ᠬᠢᠨᠠᠨ ᠵᠥᠪᠯᠡᠵᠦ᠂ | ᠦᠵᠡᠯ ᠰᠠᠨᠠᠭ᠎ᠠ ᠪᠠᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠺᠠᠳ᠋ᠷ ᠢ ᠰᠣᠩᠭᠤᠨ ᠪᠤᠶᠢᠵᠢᠭᠤᠯᠬᠤ ᠳᠤ ᠬᠡᠷᠡᠭᠯᠡᠬᠦ ᠪᠦᠬᠦ ᠬᠡᠯᠬᠢᠶᠡᠨ ᠤ ᠲᠣᠭᠲᠠᠴᠠ ᠶᠢ | ᠰᠢᠯᠢᠳᠡᠭᠵᠢᠭᠦᠯᠵᠦ᠂ ︽ᠬᠤᠣᠰ ᠴᠢᠭᠯᠡᠯ ᠢᠶᠠᠷ ᠦᠨᠡᠯᠡᠬᠦ︾ ᠵᠡᠷᠭᠡ ᠰᠢᠯᠭᠠᠨ ᠦᠨᠡᠯᠡᠬᠦ ᠰᠢᠰᠲ᠋ᠧᠮ ᠢ ᠭᠦᠨᠵᠡᠭᠡᠶᠢᠷᠡᠭᠦᠯᠬᠦ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠦᠬᠦ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠯᠪᠣᠭᠳᠠᠯ ᠪᠦᠬᠦᠢ ᠰᠠᠨᠠᠯ | ᠪᠣᠯᠤᠨ ︽ᠰᠠᠶᠢᠨ ᠬᠤᠨᠢᠨ ᠮᠢᠬ᠎ᠠ ᠶᠢ ᠰᠠᠶᠢᠨ ᠦᠨ᠎ᠡ ᠪᠠᠷ ᠬᠤᠳᠠᠯᠳᠤᠬᠤ︾ ᠶᠢ ᠠᠬᠢᠭᠤᠯᠬᠤ ᠬᠤᠯᠪᠣᠭᠳᠠᠯ ᠪᠦᠬᠦᠢ ᠲᠥᠰᠦᠯ ᠢ ᠬᠢᠨᠠᠨ ᠵᠥᠪᠯᠡᠵᠦ᠂ ᠬᠠᠮᠢᠶ᠎ᠠ ᠪᠦᠬᠦᠢ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | |