ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
       3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠭᠰᠡᠨ ᠬᠡᠷᠡᠭ ᠲᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠪᠡᠭᠡᠵᠢᠩ ᠤᠨ ᠹᠧᠩ ᠲᠠᠢ ᠲᠣᠭᠤᠷᠢᠭ ᠤᠨ ᠴᠠᠩ ᠹᠧᠩ ᠡᠮᠨᠡᠯᠭᠡ ᠶᠢᠨ ᠬᠤᠷᠢᠶᠠᠨ ᠤ ︿4·18﹀ ᠤ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠭᠰᠡᠨ ᠮᠡᠳᠡᠭᠦᠯᠦᠯᠲᠡ︾ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠵᠤ᠂ ᠪᠠᠶᠢᠭᠠᠯᠢ ᠶᠢᠨ ᠭᠠᠮᠰᠢᠭ ᠪᠣᠯᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠬᠥᠭᠵᠢᠯᠲᠡ ᠶᠢᠨ ᠰᠡᠳᠬᠢᠮᠵᠢ ᠪᠣᠯᠤᠨ ᠠᠵᠢᠯ ᠤᠨ ᠠᠷᠭ᠎ᠠ ᠬᠡᠮᠵᠢᠶ᠎ᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠡᠨᠡ ᠵᠢᠯ ᠤᠨ ᠠᠵᠢᠯ ᠢᠶᠠᠨ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠪᠠᠷ ᠨᠡᠩ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ︽ᠬᠥᠯᠦᠨ ᠪᠥᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠢ ᠰᠤᠳᠤᠯᠤᠨ ᠬᠢᠨᠠᠨ ᠵᠥᠪᠯᠡᠵᠦ᠂ ᠬᠠᠮᠲᠤᠷᠠᠯᠴᠠᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠲᠦᠷᠦᠯ ᠵᠦᠢᠯ ᠢ ᠢᠯᠡᠭᠦᠬᠡᠨ ᠰᠦᠪᠡᠭᠴᠢᠯᠡᠵᠦ᠂ ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠴᠢᠷᠮᠠᠶᠢᠨ ᠵᠣᠯᠭᠠᠭᠤᠯᠵᠤ᠂ ᠢᠳᠡᠪᠬᠢᠲᠡᠢ ᠪᠠᠷ ᠵᠣᠯᠭᠠᠭᠤᠯᠵᠤ᠂ ᠬᠠᠮᠲᠤᠷᠠᠯᠴᠠᠭᠠᠨ ᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠷᠠᠯᠴᠠᠭᠠᠨ ᠤ ᠪᠠᠲᠤᠯᠠᠭ᠎ᠠ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠡᠷᠲᠡᠬᠡᠨ ᠭᠠᠷ ᠤᠨ ᠦᠰᠦᠭ ᠵᠢᠷᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ︽ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠤ ᠠᠬᠤᠶ ᠶᠢᠨ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠶ ᠲᠣᠭᠲᠠᠭᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ