ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ︵ᠥᠷᠭᠡᠳᠬᠡᠭᠰᠡᠨ​︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/17
       3 ᠰᠠᠷ᠎ᠠ ᠶᠢᠨ 14 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠬᠤᠲᠠ᠂ ᠬᠤᠰᠢᠭᠤ ︵ᠬᠤᠲᠠ᠂ ᠲᠣᠭᠤᠷᠢᠭ︶ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠬᠠᠮᠲᠤ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠦᠨᠡᠨᠬᠦ ᠪᠠᠳᠠᠷᠠᠭᠤᠯᠵᠤ᠂ ᠪᠦᠬᠦ ᠬᠤᠳᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠠᠷᠭ᠎ᠠ ᠤᠬᠠᠭᠠᠨ ᠭᠠᠷᠭᠠᠵᠤ᠂ ᠰᠠᠶᠢᠨ ᠠᠷᠭ᠎ᠠ ᠪᠤᠳᠤᠯᠭ᠎ᠠ ᠭᠠᠷᠭᠠᠵᠤ᠂ ᠨᠢᠭᠡ ᠪᠦᠯᠦᠭ ᠦᠨ᠎ᠡ ᠦᠷᠳᠡᠭ ᠲᠠᠢ᠂ ᠬᠢᠷᠢ  ᠲᠦᠪᠰᠢᠨ ᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠦᠨᠡᠨ ᠬᠦ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠲᠤᠰᠬᠠᠶ ᠵᠥᠪᠯᠡᠯ᠂ ᠠᠯᠪᠠᠨ ᠬᠡᠷ ᠤᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠠᠵᠢᠯ ᠤᠨ ᠴᠢᠨᠠᠷ  ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠨᠠᠩ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠶ ᠥᠷᠨᠢᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ