ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
       3 ᠰᠠᠷ᠎ᠠ ᠶᠢᠨ 14 ᠤ ᠡᠳᠦᠷ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃       ᠬᠤᠷᠠᠯ ᠠᠴᠠ᠂ ︽ᠬᠤᠶᠠᠷ ᠥᠴᠦᠬᠡᠨ ᠴᠦ ᠭᠤᠶᠢᠪᠢᠰᠢ ᠦᠭᠡᠢ︾ ᠪᠠᠶᠢᠭᠤᠯᠤᠮᠵᠢ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠦᠵᠡᠯᠲᠡ ᠶᠢ ᠪᠠᠲᠤ ᠪᠤᠢ ᠪᠣᠯᠭᠠᠵᠤ᠂ ᠠᠮᠤᠷ ᠲᠦᠪᠰᠢᠨ ᠪᠣᠯᠤᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠤᠨᠴᠠᠯᠢᠬᠳᠤ ᠲᠦᠷᠦᠯ ᠲᠡᠮᠳᠡᠭ ᠢ ᠬᠦᠴᠦᠯᠡᠨ ᠡᠭᠦᠳᠴᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ ︔ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠵᠤ ᠪᠤᠳᠠᠳᠤ ᠠᠮᠵᠢᠯᠲᠠ ᠪᠦᠲᠦᠮᠵᠢ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ