3 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠣᠯᠠᠨ ᠲᠦᠮᠡᠨ ᠤ | ᠪᠠᠶᠢᠭᠤᠯᠭ᠎ᠠ ︵ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠢ︶ ᠶᠢᠨ 2025 ᠣᠨ ᠤ ᠠᠯᠪᠠᠲᠠᠨ ᠡᠯᠰᠡᠬᠦ ᠪᠢᠷ ᠤᠨ ᠰᠢᠯᠭᠠᠯᠲᠠ ᠬᠥᠯᠥᠨ | ᠪᠤᠶᠢᠷ ᠤᠨ ᠰᠢᠯᠭᠠᠯᠲᠠ ᠶᠢᠨ ᠲᠣᠭᠤᠷᠢᠭ ᠲᠤ ᠰᠢᠯᠭᠠᠯᠲᠠ ᠡᠬᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠶᠠᠨ ᠢ ᠱᠧᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠧᠨ ᠶᠢᠨ ᠯᠸᠢ ᠵᠢᠴᠢ ᠥᠪᠡᠷᠲᠡᠭᠡᠨ ᠵᠠᠰᠠᠬᠤ | ᠣᠷᠣᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠲᠣᠰ ᠲᠣᠰ ᠪᠦᠯᠬᠦᠮ ᠳᠠᠭᠠᠭᠤᠯᠵᠤ᠂ ᠰᠢᠯᠭᠠᠯᠲᠠ ᠶᠢᠨ ᠲᠣᠭᠤᠷᠢᠭ ᠤᠨ ᠡᠯ᠎ᠡ | ᠰᠢᠯᠭᠠᠯᠲᠠ ᠶᠢᠨ ᠴᠡᠭ ᠲᠤ ᠭᠦᠨᠵᠡᠭᠡᠶᠢᠷᠡᠨ ᠲᠣᠭᠤᠷᠢᠨ ᠪᠠᠶᠢᠴᠠᠭᠠᠪᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠢᠨ ᠬᠠᠶ ᠳᠤᠮᠳᠠᠳᠤ | ᠰᠤᠷᠭᠠᠭᠤᠯᠢ᠂ ᠲᠢᠶᠠᠨ ᠵᠢᠶᠤᠤ ᠪᠠᠭ᠎ᠠ ᠰᠤᠷᠭᠠᠭᠤᠯᠢ᠂ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠰᠢᠯᠭᠠᠯᠲᠠ ᠶᠢᠨ ᠴᠡᠭ ᠤᠨ ᠰᠢᠯᠭᠠᠯᠲᠠ ᠶᠢᠨ | ᠶᠠᠪᠤᠳᠠᠯ ᠤᠨ ᠠᠯᠪᠠᠨ ᠬᠡᠷ᠂ ᠬᠢᠨᠠᠨ ᠡᠵᠡᠮᠳᠡᠬᠦ ᠲᠠᠰᠤᠭ ᠵᠡᠷᠭᠡ ᠭᠠᠵᠠᠷ ᠲᠤ ᠬᠦᠷᠴᠦ᠂ ᠰᠢᠯᠭᠠᠯᠲᠠ ᠶᠢᠨ ᠴᠡᠭ ᠤᠨ ᠰᠢᠯᠭᠠᠯᠲᠠ ᠠᠴᠠ ᠡᠮᠦᠨᠡᠬᠢ ᠪᠡᠯᠡᠳᠬᠡᠯ ᠪᠠᠶᠢᠳᠠᠯ ᠢ | ᠨᠠᠷᠢᠨ ᠠᠰᠠᠭᠤᠨ ᠯᠠᠪᠯᠠᠵᠤ᠂ ᠰᠢᠯᠭᠠᠯᠲᠠ ᠬᠢᠨᠠᠬᠤ ᠠᠵᠢᠯᠲᠠᠨ ᠤ ᠠᠵᠢᠯ ᠪᠠ ᠰᠢᠯᠭᠠᠭᠤᠯᠤᠭᠴᠢ ᠶᠢᠨ ᠰᠢᠯᠭᠠᠯᠲᠠ ᠶᠢᠨ ᠪᠠᠶᠢᠳᠠᠯ ᠢ ᠣᠶᠢᠯᠠᠭᠠᠪᠠ᠃ ᠠᠯᠪᠠᠲᠠᠨ ᠤ | ᠰᠢᠯᠭᠠᠯᠲᠠ ᠨᠢ ᠥᠷᠭᠡᠨ ᠣᠯᠠᠨ ᠰᠢᠯᠭᠠᠭᠤᠯᠤᠭᠴᠢ ᠶᠢᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠢᠶᠠᠷ | ᠠᠩᠬᠠᠷᠴᠤ ᠪᠠᠶᠢᠭ᠎ᠠ ᠬᠠᠯᠠᠭᠤᠨ ᠴᠡᠭ ᠮᠥᠨ᠂ ᠰᠢᠯᠭᠠᠯᠲᠠ ᠶᠢᠨ ᠶᠠᠪᠤᠳᠠᠯ ᠤᠨ ᠠᠵᠢᠯᠲᠠᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠰᠢᠯᠭᠠᠯᠲᠠ ᠶᠢᠨ ᠶᠠᠪᠤᠳᠠᠯ ᠤᠨ ᠠᠵᠢᠯ ᠢ ᠦᠨᠡᠨ ᠬᠦ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ | ᠠᠳᠬᠤᠵᠤ ᠰᠠᠶᠢᠲᠤᠷ ᠠᠳᠬᠤᠬᠤ ᠬᠡᠷᠡᠭᠲᠡᠶ ︔ ᠰᠢᠯᠭᠠᠯᠲᠠ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢ ᠰᠤᠪᠢᠯᠠᠭᠴᠢ ᠵᠢᠴᠢ ᠠᠷᠤ | ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ︔ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠬᠤ ᠪᠠᠨ ᠴᠢᠩᠭᠠᠳᠬᠠᠵᠤ᠂ | ᠰᠢᠯᠭᠠᠯᠲᠠ ᠶᠢᠨ ᠶᠠᠪᠤᠳᠠᠯ ᠤᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠶᠢᠯᠠᠭᠠᠭᠰᠠᠨ ᠢᠶᠠᠷ᠂ ᠡᠨᠡ ᠵᠢᠯ ᠤᠨ ᠠᠯᠪᠠᠲᠠᠨ ᠤ ︽ᠮᠤᠵᠢ ᠶᠢᠨ ᠰᠢᠯᠭᠠᠯᠲᠠ︾ ᠶᠢᠨ ᠬᠥᠯᠥᠨ ᠪᠤᠶᠢᠷ ᠤᠨ ᠰᠢᠯᠭᠠᠯᠲᠠ ᠶᠢᠨ ᠲᠣᠭᠤᠷᠢᠭ ᠲᠤ 27 | ᠰᠢᠯᠭᠠᠯᠲᠠ ᠶᠢᠨ ᠴᠡᠭ᠂ 755 ᠰᠢᠯᠭᠠᠯᠲᠠ ᠶᠢᠨ ᠲᠠᠯᠠᠪᠠᠶ ᠳᠣᠭᠢᠷᠠᠭᠤᠯᠵᠤ᠂ 2419 ᠬᠥᠮᠦᠨ ᠢ ᠰᠢᠯᠭᠠᠯᠲᠠ ᠶᠢᠨ ᠠᠵᠢᠯ ᠳᠤ ᠣᠷᠣᠯᠴᠠᠭᠤᠯᠪᠠ᠃ ᠮᠠᠨ ᠤ | ᠬᠤᠲᠠ ᠳᠤ ᠨᠡᠶᠢᠲᠡ 22425 ᠰᠢᠯᠭᠠᠭᠤᠯᠤᠭᠴᠢ ᠪᠢᠷ ᠤᠨ ᠰᠢᠯᠭᠠᠯᠲᠠ ᠳᠤ ᠣᠷᠣᠯᠴᠠᠪᠠ᠃ | |