2025 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 1
ᠨᠡᠶᠢᠲᠡᠯᠡᠭᠰᠡᠨ ᠴᠠᠭ᠄
2025/3/17
       — 2025 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ            ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ   ᠲᠥᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ
20250317-1.jpg    
ᠲᠥᠯᠥᠭᠡᠯᠡᠭᠴᠢᠳ ᠠ᠋᠄       ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃       ᠨᠢᠭᠡ᠂ 2024 ᠣᠨ ᠤ ᠠᠵᠢᠯ ᠤᠨ ᠡᠷᠭᠢᠴᠡᠭᠦᠯᠦᠯ       ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠪᠢᠳᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠢᠶᠠᠨ ᠬᠠᠶᠢᠷᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ ᠲᠦᠢᠯ ᠤᠨ ᠶᠡᠭᠡ ᠪᠠᠷ ᠬᠥᠭᠵᠢᠭᠡᠪᠡ᠃ ᠨᠢᠭᠡ ᠵᠢᠯ ᠤᠨ ᠲᠤᠷᠰᠢ᠂ ᠭᠠᠳᠠᠭᠠᠳᠤ ᠳᠠᠷᠤᠯᠲᠠ ᠶᠡᠬᠡᠰᠴᠦ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠲᠦᠪᠡᠭ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠲᠠᠭᠤᠵᠢᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠶᠠᠪᠤᠭᠳᠠᠵᠤ᠂ ᠲᠣᠭᠲᠠᠭᠤᠨ ᠤ ᠳᠤᠮᠳᠠ ᠠᠬᠢᠯᠲᠠ ᠲᠠᠢ ᠪᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠯᠠᠪᠳᠠᠭᠤᠨ ᠬᠥᠭᠵᠢᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤ ᠰᠢᠨ᠎ᠡ ᠠᠯᠬᠤᠮ ᠢ ᠠᠯᠬᠤᠭᠠᠳ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠷᠡᠰ ᠵᠣᠷᠢᠭ ᠪᠠ ᠢᠲᠡᠭᠡᠯ ᠵᠣᠷᠢᠭ ᠢ ᠨᠡᠩ ᠢᠯᠡᠭᠦᠦ ᠪᠠᠲᠤᠳᠬᠠᠪᠠ᠃       ︽ᠲᠣᠭᠲᠠᠭᠤᠨ︾ ᠪᠠᠶᠢᠳᠠᠯ ᠪᠠᠬᠢᠵᠢᠨ ᠦᠷᠭᠦᠯᠵᠢᠯᠡᠪᠡ᠃ ᠭᠤᠣᠯ ᠢᠯᠡᠷᠡᠯ ᠨᠢ ᠭᠡᠪᠡᠯ᠂ ᠠᠵᠤ ᠠᠬᠤᠢ ᠶᠢᠨ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 134.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠬᠤᠪᠢ ᠨᠡᠮᠡᠷᠢ ᠶᠢᠨ ᠨᠤᠷᠮ᠎ᠠ ᠶᠢ 30% ᠣᠷᠴᠢᠮ ᠳᠤ ᠪᠠᠲᠤᠯᠠᠪᠠ᠃ ᠠᠵᠢᠯ ᠣᠯᠭᠤᠯᠲᠠ᠂ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1256 ᠲᠦᠮᠡ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.1% ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ᠃ ᠤᠯᠤᠰ ᠤᠨ ᠬᠤᠭᠤᠷᠤᠨᠳᠤᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠯᠠᠨ ᠤᠯᠤᠰ ᠤᠨ ᠵᠠᠬ᠎ᠠ ᠳᠡᠯᠭᠡᠭᠦᠷ ᠲᠠᠬᠢ ᠬᠤᠪᠢᠳᠠᠴᠡ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠵᠦ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ 3.2 ᠲᠦᠮᠡᠨ ᠳ᠋ᠦᠩᠰᠢᠭᠤᠷ ᠳ᠋ᠣᠯᠯᠠᠷ ᠢ ᠳᠠᠪᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ ᠪᠠᠬᠢ ᠪᠠᠶᠢᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 5.1% ᠪᠠᠷ ᠪᠣᠳᠠᠲᠠᠢ ᠨᠡᠮᠡᠭᠳᠡᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠶᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃       ︽ᠤᠷᠤᠭᠰᠢᠯᠠᠬᠤ︾ ᠠᠯᠬᠤᠭ᠎ᠠ ᠢᠳᠡᠷᠬᠡᠭ ᠪᠠᠲᠤ ᠪᠠᠶᠢᠨ᠎ᠠ᠃ ᠭᠤᠣᠯ ᠢᠯᠡᠷᠡᠯ ᠨᠢ ᠭᠡᠪᠡᠯ᠂ ᠠᠵᠤ ᠦᠢᠯᠡᠰ ᠤᠨ ᠳᠡᠰ ᠳᠠᠪᠰᠢᠯᠲᠠ ᠰᠢᠨ᠎ᠡ ᠠᠬᠢᠯᠲᠠ ᠲᠠᠢ ᠪᠣᠯᠵᠤ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠭᠠᠷᠴᠤ᠂ ᠮᠦ ᠪᠦᠷᠢ ᠶᠢᠨ ᠤᠨᠠᠯᠲᠠ 10.1 ᠵᠢᠩ ᠳᠡᠭᠡᠭᠰᠢᠯᠡᠪᠡ︔ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 8.9%᠂ 7.7% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ ᠳᠠᠪᠠᠪᠠ︔ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠣᠰ ᠲᠣᠰ 10.9%᠂ 10.4% ᠪᠠᠷ ᠨᠡᠮᠡᠭᠳᠡᠪᠡ᠃ ᠰᠢᠨ᠎ᠡ ᠶᠢ ᠡᠭᠦᠳᠬᠦ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠵᠤ᠂ ᠬᠤᠷᠠᠮᠠᠯ ᠴᠠᠭᠢᠯᠭᠠᠨ ᠬᠡᠯᠬᠢᠶ᠎ᠡ᠂ ᠵᠣᠬᠢᠶᠠᠮᠠᠯ ᠤᠶᠤᠯᠢᠭ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠰᠢᠨ᠎ᠡ ᠦᠷ᠎ᠡ ᠪᠦᠲᠦᠭᠡᠯ ᠣᠯᠪᠠ︔ ︽ᠴᠠᠩ ᠧ ᠵᠢᠷᠭᠤᠳᠤᠭᠠᠷ︾ ᠬᠥᠮᠥᠨ ᠲᠥᠷᠥᠯᠬᠢᠲᠡᠨ ᠤ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠵᠤ ᠢᠷᠡᠬᠦ ᠶᠢ ᠪᠡᠶᠡᠯᠡᠭᠦᠯᠦᠨ᠂ ︽ᠬᠦᠰᠡᠯ ᠡᠷᠡᠮᠡᠯᠵᠡᠯ︾ ᠨᠡᠷᠡᠮᠵᠢᠲᠦ ᠶᠡᠭᠡ ᠲᠠᠯᠠᠢ ᠳᠤ ᠥᠷᠥᠮᠳᠡᠨ ᠬᠠᠶᠢᠬᠤ ᠣᠩᠭᠤᠴᠠ ᠶᠢ ᠪᠠᠶᠢᠭᠤᠯᠤᠨ ᠪᠦᠲᠦᠭᠡᠭᠡᠳ ᠵᠢᠭᠰᠠᠭᠠᠯ ᠳᠤ ᠣᠷᠣᠭᠤᠯᠪᠠ︔ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 11.2% ᠢᠶᠠᠷ ᠨᠡᠮᠡᠭᠳᠡᠪᠡ᠃ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠰᠢᠨ᠎ᠡ ᠰᠠᠶᠢᠵᠢᠷᠠᠯᠲᠠ ᠲᠠᠢ ᠪᠣᠯᠵᠤ᠂ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠬᠡᠴᠡ 2.7% ᠪᠠᠷ ᠪᠠᠭᠤᠷᠠᠵᠤ᠂ ᠴᠡᠪᠡᠷ ᠠᠭᠠᠷᠳᠤ ᠡᠳᠦᠷ ᠤᠨ ᠲᠤᠭ᠎ᠠ ᠶᠢᠨ ᠬᠠᠷᠢᠴᠠᠯ 87.2% ᠪᠣᠯᠣᠨ ᠳᠡᠭᠡᠭᠰᠢᠯᠡᠵᠦ᠂ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠰᠢᠯᠢᠳᠡᠭ ᠰᠠᠶᠢᠨ ᠤᠰᠤᠨ ᠤ ᠣᠭᠲᠣᠯᠣᠭᠠᠰᠤ ᠶᠢᠨ ᠬᠠᠷᠢᠴᠠᠯ ᠢ 90.4% ᠪᠤᠯᠲᠠᠯ᠎ᠠ ᠳᠡᠭᠡᠭᠰᠢᠯᠡᠭᠦᠯᠪᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠤᠨ ᠪᠠᠭᠤᠷᠠᠯᠲᠠ ᠶᠢᠨ ᠬᠡᠮᠵᠢᠶ᠎ᠡ 3% ᠶᠢ ᠲᠠᠪᠠᠪᠠ︔ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 3.7 ᠳ᠋ᠦᠩᠰᠢᠭᠤᠷ ᠺᠢᠯᠣᠸᠠᠲ ᠲᠤ ᠭᠦᠷᠪᠡ᠃ ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠬᠦᠴᠦᠲᠡᠢ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠵᠠᠯᠭᠠᠭ᠎ᠠ ᠪᠠᠷ ᠭᠡᠷᠡᠭᠵᠢᠭᠦᠯᠪᠡ︔ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦᠨ ᠢ ᠬᠦᠴᠦᠨ ᠦᠭᠡᠢ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠪᠠᠭᠲᠠᠭᠠᠮᠵᠢ ᠶᠢ ᠨᠢ ᠥᠷᠭᠡᠳᠬᠡᠨ ᠲᠡᠰ ᠳᠡᠪᠰᠢᠭᠦᠯᠪᠡ᠃       ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠦᠷᠭᠦᠯᠵᠢᠯᠡᠨ ᠭᠦᠨᠵᠡᠭᠡᠶᠢᠷᠡᠵᠦ᠂ ᠤᠯᠤᠰ ᠤᠨ ᠳᠣᠲᠣᠭᠠᠳᠤ ᠶᠢᠨ ᠤᠷᠲᠤ ᠬᠤᠭᠤᠴᠠᠭ᠎ᠠ ᠪᠠᠷ ᠬᠤᠷᠠᠮᠳᠤᠭᠰᠠᠨ ᠵᠠᠷᠢᠮ ᠭᠦᠨ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠲᠥᠪᠯᠡᠷᠡᠩᠭᠦᠢ ᠢᠯᠡᠷᠡᠵᠦ᠂ ᠳᠣᠲᠣᠭᠠᠳᠤ ᠬᠡᠷᠡᠭᠴᠡᠭᠡ ᠮᠠᠭᠤᠳᠠᠭᠰᠠᠨ᠂ ᠵᠢᠱᠢᠯᠲᠡ ᠪᠠᠭᠤᠷᠠᠢ ᠪᠣᠯᠤᠭᠰᠠᠨ ᠵᠡᠷᠭᠡ ᠠᠰᠠᠭᠤᠳᠠᠯ ᠰᠣᠯᠪᠢᠴᠠᠨ ᠳᠠᠪᠬᠤᠴᠠᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠣᠯᠠᠨᠲᠠ ᠭᠠᠷᠴᠤ᠂ ᠠᠵᠤ ᠠᠬᠤᠢ ᠨᠡᠶᠢᠭᠡᠮ ᠤᠨ ᠲᠣᠭᠲᠠᠭᠤᠨ ᠠᠵᠢᠯᠯᠠᠭᠠᠨ ᠢ ᠪᠠᠲᠤᠯᠠᠬᠤ ᠳᠤ ᠬᠦᠴᠢᠷᠳᠡᠯ ᠶᠡᠬᠡᠰᠪᠡ᠃ ᠣᠯᠠᠨ ᠳᠠᠪᠬᠤᠷ ᠬᠦᠴᠢᠷ ᠪᠡᠷᠬᠡᠰᠢᠶᠡᠯ ᠪᠠ ᠰᠢᠯᠭᠠᠯᠲᠠ ᠶᠢᠨ ᠡᠮᠦᠨ᠎ᠡ᠂ ᠪᠢᠳᠡ ᠬᠠᠳᠠᠭᠠᠯᠠᠯᠲᠠ ᠲᠥᠷᠥ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠢᠳᠡᠪᠬᠢᠲᠡᠢ ᠪᠥᠭᠡᠳ ᠪᠦᠲᠦᠮᠵᠢᠲᠡᠶ ᠪᠠᠷ ᠠᠷᠭᠠᠴᠠᠪᠠ᠃ ᠣᠨᠴᠠᠭᠠᠶᠢᠯᠠᠨ 9 ᠰᠠᠷ᠎ᠠ ᠶᠢᠨ 26 ᠤ ᠡᠳᠦᠷ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠢ ᠪᠠᠷ ᠪᠠᠶᠢᠷᠢᠯᠠᠭᠤᠯᠤᠭᠰᠠᠨ ᠬᠠᠮ ᠨᠡᠮᠡᠭᠳᠡᠯ ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠢᠯᠡᠳᠲᠡ ᠡᠷᠭᠢᠵᠦ ᠰᠠᠶᠢᠵᠢᠷᠠᠬᠤ ᠶᠢ ᠠᠬᠢᠭᠤᠯᠵᠤ᠂ ᠨᠡᠶᠢᠭᠡᠮ ᠨᠡᠶᠢᠲᠡ ᠶᠢᠨ ᠢᠲᠡᠭᠡᠯ ᠵᠣᠷᠢᠭ ᠢ ᠪᠦᠲᠦᠮᠵᠢᠲᠡᠶ ᠬᠥᠪᠴᠢᠯᠡᠭᠰᠡᠨ ᠢᠶᠠᠷ᠂ ᠪᠦᠭᠦ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠠᠬᠢᠭᠤᠯᠤᠭᠰᠠᠨ ᠮᠥᠷᠲᠡᠭᠡᠨ ᠡᠨᠡ ᠵᠢᠯ ᠤᠨ ᠬᠥᠭᠵᠢᠯᠲᠡ ᠳᠤ ᠴᠤ ᠰᠠᠶᠢᠨ ᠰᠠᠭᠤᠷᠢ ᠶᠢ ᠲᠠᠯᠪᠢᠵᠤ ᠥᠭᠪᠡ᠃ ᠡᠨᠡ ᠶᠠᠪᠤᠴᠠ ᠳᠤ᠂ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠡᠷᠬᠡᠪᠰᠢ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠲᠠ ᠲᠠᠢ ᠵᠠᠰᠠᠭ ᠤᠨ ᠣᠷᠳᠣᠨ᠂ ᠶᠡᠷᠦᠩᠬᠡᠢ ᠬᠠᠩᠭᠠᠯᠭ᠎ᠠ ᠪᠠ ᠶᠡᠷᠦᠩᠬᠡᠢ ᠬᠡᠷᠡᠭᠴᠡᠭᠡ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠶᠢ ᠰᠢᠨᠡᠳᠬᠡᠬᠦ᠂ ᠨᠡᠮᠡᠭᠳᠡᠯ ᠢ ᠰᠢᠯᠢᠳᠡᠭᠵᠢᠭᠦᠯᠬᠦ ᠪᠠ ᠬᠠᠳᠠᠭᠠᠯᠠᠯᠲᠠ ᠶᠢ ᠠᠮᠢᠳᠤᠯᠢᠭ ᠪᠤᠯᠭᠠᠬᠤ᠂ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ ᠭᠡᠳᠡᠭ ᠢ ᠤᠯᠠᠮ ᠨᠢᠭᠡ ᠠᠯᠬᠤᠮ ᠲᠠᠨᠢᠵᠤ ᠣᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠢᠶᠠᠨ ᠬᠦᠴᠦ ᠪᠠᠨ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠪᠡᠯ᠂ ᠮᠠᠨ ᠤ ᠤᠯᠤᠰ ᠤᠨ ᠬᠥᠭᠵᠢᠯᠲᠡ ᠳᠤ ᠳᠠᠪᠠᠵᠤ ᠴᠢᠳᠠᠰᠢ ᠦᠭᠡᠢ ᠪᠡᠷᠬᠡ ᠪᠣᠭᠤᠮᠲᠠ ᠭᠡᠵᠦ ᠦᠭᠡᠢ ᠶᠤᠮ ᠭᠡᠳᠡᠭ ᠢ ᠦᠢᠯᠡᠳᠦᠯᠭᠡ ᠳᠠᠬᠢᠨᠲᠠ ᠭᠡᠷᠡᠴᠢᠯᠡᠪᠡ᠃       ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃       ᠨᠢᠭᠡ ᠳᠤ ᠴᠠᠭ ᠪᠣᠯᠣᠨ ᠪᠠᠶᠢᠳᠠᠯ ᠳᠤ ᠲᠣᠬᠢᠷᠠᠭᠤᠯᠤᠨ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠬᠤ ᠪᠠ ᠡᠨᠡ ᠲᠠᠯ᠎ᠠ ᠪᠠᠷ ᠰᠢᠨ᠎ᠡ ᠶᠢ ᠡᠭᠦᠳᠴᠦ᠂ ᠠᠵᠤ ᠠᠬᠤᠢ ᠶᠢᠨ ᠰᠡᠷᠭᠦᠵᠦ ᠰᠠᠶᠢᠵᠢᠷᠠᠬᠤ ᠶᠢ ᠠᠬᠢᠭᠤᠯᠪᠠ᠃ ᠨᠢᠳᠤᠨᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠰᠠᠶᠢᠨ ᠡᠭᠢᠯᠡᠯᠲᠡ ᠲᠠᠢ ᠪᠠᠶᠢᠭᠰᠠᠨ ᠪᠤᠯᠪᠠᠴᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠬᠤᠶᠠᠳᠤᠭᠠᠷ ᠤᠯᠠᠷᠢᠯ ᠳᠤ ᠣᠷᠣᠭᠰᠠᠨ ᠤ ᠳᠠᠷᠠᠭ᠎ᠠ ᠭᠤᠣᠯ ᠭᠤᠣᠯ ᠭᠦᠢᠴᠡᠳᠬᠡᠯ ᠲᠤᠭ᠎ᠠ ᠦᠷᠭᠦᠯᠵᠢᠯᠡᠨ ᠳᠣᠷᠣᠭᠰᠢᠯᠠᠵᠤ᠂ ᠪᠠᠭᠤᠷᠠᠬᠤ ᠳᠠᠷᠤᠯᠲᠠ ᠶᠡᠬᠡᠰᠪᠡ᠃ ᠪᠢᠳᠡ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠪᠠᠨ ᠴᠢᠩᠭᠠᠳᠬᠠᠵᠤ᠂ ᠲᠣᠪᠤᠶᠢᠮ᠎ᠠ ᠠᠰᠠᠭᠤᠳᠠᠯ ᠤᠳ ᠲᠤ ᠠᠩᠬᠠᠷᠤᠯ ᠲᠥᠪᠯᠡᠷᠡᠭᠦᠯᠦᠨ ᠬᠠᠨᠳᠤᠯᠭᠠᠲᠤ ᠴᠢᠨᠠᠷᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠳᠠᠭᠠᠯᠠᠯᠲᠠ ᠪᠣᠯᠣᠨ ᠨᠡᠮᠡᠭᠳᠡᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠡᠷᠡᠭᠴᠡᠭᠡ ᠶᠢᠨ ᠨᠡᠯᠢᠶᠡᠳ ᠲᠦᠷᠭᠡᠨ ᠡᠷᠭᠢᠵᠦ ᠰᠠᠶᠢᠵᠢᠷᠠᠬᠤ ᠶᠢ ᠠᠬᠢᠭᠤᠯᠤᠨ᠂ ᠦᠢᠯᠡᠳᠪᠦᠷᠢᠯᠡᠯ ᠤᠨ ᠨᠡᠮᠡᠭᠳᠡᠯ ᠲᠦᠷᠭᠡᠳᠴᠦ᠂ ᠵᠠᠬ᠎ᠠ ᠳᠡᠯᠭᠡᠭᠦᠷ ᠤᠨ ᠵᠢᠱᠢᠯᠲᠡ ᠢᠯᠡᠳᠲᠡ ᠰᠠᠶᠢᠵᠢᠷᠠᠵᠤ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠰᠠᠶᠢᠨ᠂ ᠳᠤᠮᠳᠠ ᠬᠤᠭᠤᠴᠠᠭᠠᠨ ᠳᠤ ᠠᠨᠠᠢ᠂ ᠰᠡᠭᠦᠯ ᠤᠨ ᠬᠤᠭᠤᠴᠠᠭᠠᠨ ᠳᠤ ᠰᠡᠷᠭᠦᠭᠰᠡᠨ ᠪᠠᠶᠢᠳᠠᠯ ᠢᠯᠡᠷᠡᠪᠡ᠃ ᠡᠳ᠋ ᠤᠨ ᠵᠠᠰᠠᠭ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠦᠴᠦᠲᠡᠢ ᠬᠡᠷᠡᠭᠵᠢᠭᠦᠯᠵᠦ᠂ ᠵᠠᠷᠤᠯᠭ᠎ᠠ ᠶᠢᠨ ᠬᠡᠪᠴᠢᠶ᠎ᠡ ᠶᠢ ᠥᠷᠭᠡᠳᠬᠡᠨ᠂ ᠭᠤᠣᠯᠳᠠᠯᠭ᠎ᠠ ᠲᠠᠢ ᠬᠦᠷᠢᠶᠡᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ ᠪᠦᠲᠦᠮᠵᠢᠲᠡᠶ ᠬᠡᠷᠡᠭᠴᠡᠭᠡ ᠶᠢ ᠥᠷᠭᠡᠳᠬᠡᠬᠦ ᠶᠢᠨ ᠲᠣᠭᠤᠷᠢᠨ ᠳᠤ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠰᠢᠨᠡᠳᠬᠡᠬᠦ ᠪᠠ ᠰᠣᠯᠢᠬᠤ︾ ᠠᠵᠢᠯ ᠢ ᠬᠦᠴᠦᠯᠡᠨ ᠳᠡᠮᠵᠢᠵᠦ᠂ ᠪᠡᠯᠡᠳᠬᠡᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ 15.7% ᠪᠠᠷ ᠨᠡᠮᠡᠭᠳᠡᠵᠦ᠂ ᠭᠡᠷ ᠤᠨ ᠴᠠᠭᠢᠯᠭᠠᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 12.3% ᠪᠠᠷ ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠤᠷᠤᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠪᠠ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠬᠠᠳᠠᠭᠠᠯᠠᠯᠲᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠢᠯ ᠤᠨ ᠵᠠᠷᠤᠯᠭ᠎ᠠ ᠶᠢ ᠪᠠᠷᠤᠭ 1500 ᠳ᠋ᠦᠩᠰᠢᠭᠤᠷ ᠲᠥᠭᠦᠷᠢᠭ ᠪᠠᠭᠠᠰᠬᠠᠵᠤ᠂ ᠠᠷᠠᠯᠵᠢᠶᠠᠯᠠᠬᠤ ᠭᠤᠭᠴᠤᠭ᠎ᠠ ᠶᠢᠨ ᠭᠠᠶᠢᠯᠢ ᠰᠦᠢᠳᠬᠡᠯ ᠤᠨ ᠲᠦᠪᠰᠢᠨ ᠢ ᠳᠣᠷᠣᠭᠰᠢᠯᠠᠭᠤᠯᠵᠤ᠂ ᠭᠡᠷ ᠪᠠᠶᠢᠰᠢᠩ ᠢ ᠪᠠᠲᠤᠲᠠᠢ ᠲᠤᠰᠢᠶᠠᠬᠤ ᠠᠵᠢᠯ ᠢ ᠯᠠᠪᠳᠠᠭᠤᠨ ᠪᠠᠲᠤ ᠠᠬᠢᠭᠤᠯᠪᠠ᠃ ᠬᠥᠷᠥᠩᠭᠡ ᠶᠢᠨ ᠵᠠᠬ᠎ᠠ ᠳᠡᠯᠭᠡᠭᠦᠷ ᠢ ᠢᠳᠡᠪᠬᠢᠲᠡᠢ ᠲᠣᠭᠲᠠᠪᠤᠷᠢᠵᠢᠭᠤᠯᠵᠤ᠂ ᠰᠠᠭᠤᠷᠢ ᠴᠢᠨᠠᠷᠲᠠᠢ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠬᠠᠷᠢᠯᠴᠠᠨ ᠰᠣᠯᠢᠬᠤ ᠳᠤ ᠲᠦᠭᠦᠮ ᠦᠵᠡᠭᠦᠯᠭᠦ ︵SFISF︶᠂ ᠰᠲ᠋ᠣᠺ ᠢᠶᠠᠨ ᠡᠭᠡᠭᠦᠯᠦᠨ ᠬᠤᠳᠠᠯᠳᠤᠨ ᠠᠪᠴᠤ ᠬᠤᠪᠢ ᠪᠠᠨ ᠨᠡᠮᠡᠵᠦ ᠡᠵᠡᠮᠰᠢᠬᠦ ᠳᠤ ᠲᠠᠭᠢᠨ ᠵᠢᠭᠡᠯᠡᠯᠭᠡ ᠲᠠᠯᠪᠢᠬᠤ ᠵᠡᠷᠭᠡ ᠪᠠᠭᠠᠵᠢ ᠶᠢ ᠡᠭᠦᠳᠦᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠥᠭᠵᠢᠶᠡᠨᠲᠦ ᠬᠡᠮᠵᠢᠶ᠎ᠡ ᠶᠢ ᠳᠡᠭᠡᠭᠰᠢᠯᠡᠭᠦᠯᠪᠡ᠃ ᠨᠢᠭᠡ ᠯᠡ ᠤᠳᠠᠭ᠎ᠠ ᠳᠡᠭᠡᠷ᠎ᠡ ᠣᠷᠣᠨ ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢᠨ ᠬᠢᠵᠠᠭᠠᠷ ᠲᠤᠭ᠎ᠠ ᠶᠢ 6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ ᠬᠠᠳᠠᠭᠠᠯᠠᠯᠲᠠ ᠳᠠᠯᠳᠠ ᠥᠷᠢ ᠥᠭᠴᠡᠭᠡ ᠶᠢ ᠰᠣᠯᠢᠪᠠ᠃ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠲᠣᠬᠢᠲᠠᠢ ᠠᠬᠢᠭᠤᠯᠪᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ