2025 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 2
ᠨᠡᠶᠢᠲᠡᠯᠡᠭᠰᠡᠨ ᠴᠠᠭ᠄
2025/3/17
       ᠬᠤᠶᠠᠷ ᠲᠤ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠪᠠ᠃ ᠪᠦᠭᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠢ ᠬᠠᠷᠰᠢᠯᠠᠬᠤ ᠲᠣᠭᠲᠠᠭᠠᠯ ᠪᠣᠯᠣᠨ ᠬᠢᠳᠡᠯ ᠢ ᠴᠡᠪᠡᠷᠯᠡᠨ ᠲᠢᠭᠯᠡᠭᠦ ᠪᠠ ᠬᠦᠴᠦᠨ ᠦᠭᠡᠢ ᠪᠤᠯᠭᠠᠵᠤ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠨ ᠬᠡᠷᠡᠭᠵᠢᠭᠦᠯᠵᠦ᠂ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢ ᠠᠬᠢᠭᠤᠯᠬᠤ ᠬᠠᠤᠯᠢ ᠶᠢᠨ ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠶᠠᠷᠢᠯᠴᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠪᠠ᠃ ᠭᠠᠳᠠᠭᠠᠳᠤ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠥᠷᠭᠡᠳᠬᠡᠵᠦ᠂ ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ ᠶᠢᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠭᠰᠡᠨ ᠢᠶᠠᠷ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠬᠤᠪᠢ ᠨᠡᠮᠡᠷᠢ ᠨᠡᠮᠡᠭᠳᠡᠪᠡ᠃ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠥᠷᠲᠡᠭ ᠨᠡᠮᠡᠭᠳᠡᠯ ᠤᠨ ᠴᠠᠭᠢᠯᠭᠠᠨ ᠬᠤᠯᠪᠤᠭ᠎ᠠ᠂ ᠠᠮᠢᠳᠤ ᠪᠣᠳᠠᠰ ᠤᠨ ᠮᠡᠷᠭᠡᠵᠢᠯ᠂ ᠲᠤᠰᠠᠭᠠᠷ ᠪᠡᠯᠡᠳᠦ ᠡᠮᠨᠡᠯᠭᠡ ᠶᠢᠨ ᠬᠤᠷᠢᠶ᠎ᠠ ᠶᠢᠨ ᠨᠡᠭᠡᠭᠡᠯᠲᠡ ᠬᠢᠬᠦ ᠲᠤᠷᠰᠢᠯᠲᠠ ᠶᠢ ᠥᠷᠨᠢᠭᠦᠯᠪᠡ᠃ ᠭᠠᠭᠴᠠ ᠲᠠᠯ᠎ᠠ ᠠᠴᠠ ᠨᠡᠭᠡᠭᠡᠯᠲᠡ ᠬᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠥᠭᠵᠢᠯᠲᠡ ᠪᠠᠷ ᠬᠠᠮᠤᠭ ᠤᠨ ᠳᠣᠷᠦᠶ ᠤᠯᠤᠰ ᠤᠳ ᠤᠨ ᠦᠢᠯᠡᠳᠬᠦᠨ ᠳᠤ ᠪᠦᠭᠦ ᠲᠠᠯ᠎ᠠ ᠪᠠᠷ ᠪᠣᠭᠤᠮᠲᠠ ᠶᠢᠨ ᠭᠠᠶᠢᠯᠢ ᠥᠯᠥ ᠬᠤᠷᠢᠶᠠᠬᠤ ᠬᠠᠷᠠᠭᠠᠯᠵᠠᠯ ᠦᠵᠡᠭᠦᠯᠪᠡ᠃ ᠭᠠᠭᠴᠠ ᠲᠠᠯ᠎ᠠ ᠠᠴᠠ ᠸᠢᠰᠠ ᠦᠯᠤ ᠲᠠᠮᠠᠭᠠᠯᠠᠬᠤ ᠤᠯᠤᠰ ᠤᠨ ᠬᠡᠪᠴᠢᠶ᠎ᠡ ᠶᠢ ᠥᠷᠭᠡᠳᠬᠡᠵᠦ᠂ ᠬᠢᠯᠢ ᠪᠠᠷ ᠥᠩᠭᠡᠷᠡᠬᠦ ᠳᠤ ᠸᠢᠰᠠ ᠦᠯᠤ ᠲᠠᠮᠠᠭᠠᠯᠠᠬᠤ ᠬᠢᠯᠢ ᠶᠢᠨ ᠳᠣᠲᠣᠷ᠎ᠠ ᠰᠠᠭᠠᠲᠠᠬᠤ ᠴᠠᠭ ᠢ 240 ᠴᠠᠭ ᠪᠣᠯᠭᠠᠨ ᠤᠷᠲᠤᠳᠬᠠᠭᠰᠠᠨ ᠢᠶᠠᠷ᠂ ᠬᠢᠯᠢ ᠳᠤ ᠣᠷᠣᠬᠤ ᠵᠢᠭᠤᠯᠴᠢᠯᠠᠯ ᠦᠷᠭᠦᠯᠵᠢᠯᠡᠨ ᠰᠠᠶᠢᠵᠢᠷᠠᠪᠠ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠠᠷᠠᠳ ᠤᠨ ᠠᠮᠢᠳᠤᠷᠠᠯ ᠤᠨ ᠲᠥᠰᠥᠯ ᠢ ᠯᠠᠪᠳᠠᠭᠤᠨ ᠢᠶᠠᠷ ᠬᠡᠷᠡᠭᠵᠢᠭᠦᠯᠪᠡ᠃       ᠭᠤᠷᠪᠠ ᠳᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠰᠥᠯ ᠢ ᠪᠦᠭᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠯᠡᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢ 9.2% ᠢᠶᠠᠷ ᠨᠡᠮᠡᠭᠳᠡᠭᠦᠯᠪᠡ᠃ ᠨᠢᠭᠡ ᠪᠦᠯᠦᠭ ᠤᠯᠤᠰ ᠤᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ ᠰᠢᠨ᠎ᠡ ᠪᠠᠷ ᠪᠤᠶᠢᠵᠢᠭᠤᠯᠵᠤ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠬᠢᠭᠤᠷ ᠲᠤᠯᠤᠭᠠᠨ ᠤᠳᠤ ᠶᠢᠨ ᠰᠢᠰᠲ᠋ᠧᠮ ᠤᠨ ᠬᠡᠷᠡᠭᠯᠡᠭᠡ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠯᠲᠠ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠦᠳᠲᠡᠷ ᠲᠦᠷᠭᠡᠨ ᠬᠥᠭᠵᠢᠪᠡ᠃ ᠣᠷᠴᠢᠨ ᠠᠬᠤᠢ ᠶᠢᠨ ᠬᠠᠮᠠᠭᠠᠯᠠᠯᠲᠠ᠂ ᠠᠮᠤᠷ ᠲᠦᠪᠰᠢᠨ ᠵᠡᠷᠭᠡ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠣᠭᠲᠠᠭᠠᠭᠰᠠᠨ ᠪᠠ ᠵᠠᠰᠠᠨ ᠲᠣᠭᠲᠠᠭᠠᠪᠠ᠃ ᠳ᠋ᠢᠵᠢᠲ᠋ᠠᠯ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳ᠋ᠢᠵᠢᠲ᠋ᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠨᠡᠮᠡᠭᠳᠡᠯ ᠦᠷᠳᠡᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠬᠦ ᠬᠤᠪᠢ ᠶᠢᠨ ᠵᠢᠩ 10% ᠣᠷᠴᠢᠮ ᠳᠤ ᠭᠦᠷᠪᠠ᠃       ᠳᠥᠷᠪᠡ ᠳᠤ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠪᠡ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠨ ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠶᠢ 67% ᠪᠤᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ ᠪᠠᠲᠤᠵᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠪᠠ᠃ ᠣᠷᠣᠨ ᠪᠦᠰᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠨᠤᠭᠤᠳ ᠢ ᠨᠡᠶᠢᠲᠡᠯᠡᠨ᠂ ᠣᠷᠣᠨ ᠪᠦᠰᠡ ᠶᠢᠨ ᠴᠢᠬᠤᠯᠠ ᠶᠡᠭᠡ ᠲᠥᠰᠥᠯ ᠤᠳ ᠢ ᠬᠡᠷᠡᠭᠵᠢᠭᠦᠯᠵᠦ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠲᠥᠷᠦ ᠶᠢᠨ ᠪᠣᠳᠣᠯᠭ᠎ᠠ ᠶᠢ ᠪᠦᠷᠢᠨᠰᠢᠭᠦᠯᠵᠦ᠂ ᠣᠷᠣᠨ ᠪᠦᠰᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠰᠢᠨ᠎ᠡ ᠠᠬᠢᠯᠲᠠ ᠲᠠᠢ ᠪᠣᠯᠪᠠ᠃       ᠲᠠᠪᠤ ᠳᠤ ᠨᠡᠶᠢᠭᠡᠮ ᠤᠨ ᠦᠢᠯᠡᠰ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠣᠯᠭᠤᠬᠤ ᠶᠢ ᠳᠡᠮᠵᠢᠬᠦ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠬᠴᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠰᠤᠷᠤᠬᠴᠢᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠵᠦ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠮᠥᠩᠭᠦ ᠶᠢ ᠥᠰᠬᠡᠵᠦ ᠬᠦᠦ ᠮᠥᠩᠭᠦ ᠶᠢ ᠨᠢ ᠪᠠᠭᠤᠷᠠᠭᠤᠯᠤᠨ᠂ ᠰᠤᠷᠤᠬᠴᠢᠳ ᠲᠤ 3400 ᠭᠠᠷᠤᠢ ᠲᠦᠮᠡᠨ ᠬᠥᠮᠥᠨ ᠤᠳᠠᠭ᠎ᠠ ᠠᠰᠢᠭ ᠬᠦᠷᠲᠡᠭᠡᠪᠡ᠃ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠪᠡ᠃ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠭᠰᠠᠨ ᠪᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠤᠵᠢᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠥᠷᠭᠡᠳᠬᠡᠪᠡ᠃ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠬᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠤᠭᠤᠷᠤᠯᠴᠤᠳ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠪᠠ᠃ ᠠᠰᠠᠷᠠᠨ ᠬᠠᠷᠠᠭᠠᠯᠵᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ ᠶᠢ ᠥᠷᠭᠡᠳᠬᠡᠪᠡ᠃ ᠬᠦᠴᠢᠷᠳᠡᠯ ᠲᠠᠢ ᠤᠯᠠᠨ ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠵᠤ᠂ 1100 ᠭᠠᠷᠤᠢ ᠲᠦᠮᠡᠨ ᠬᠥᠮᠥᠨ ᠳᠤ ᠠᠰᠢᠭ ᠬᠦᠷᠲᠡᠭᠡᠪᠡ᠃ ᠪᠦᠭᠦ ᠤᠯᠤᠰ ᠤᠨ ᠴᠠᠭᠠᠨ ᠰᠠᠷ᠎ᠠ ᠵᠢᠴᠢ ᠪᠠᠶᠠᠷ ᠳᠤᠷᠠᠰᠬᠠᠯ ᠤᠨ ᠡᠳᠦᠷ ᠤᠨ ᠴᠢᠯᠦᠭᠡ ᠲᠠᠯᠪᠢᠬᠤ ᠠᠷᠭ᠎ᠠ ᠶᠢ ᠲᠡᠭᠦᠯᠳᠡᠷᠵᠢᠭᠦᠯᠪᠡ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠬᠥᠭᠵᠢᠶᠡᠨᠲᠡᠢ ᠪᠣᠯᠭᠠᠪᠠ᠃ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠯᠠᠪᠳᠠᠭᠤᠨ ᠪᠠᠲᠤᠲᠠᠢ ᠪᠡᠯᠡᠳᠬᠡᠵᠦ᠂ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠤ᠂ ᠮᠠᠨ ᠤ ᠤᠯᠤᠰ ᠤᠨ ᠲᠠᠮᠢᠷᠴᠢᠳ ᠫᠠᠷᠢᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠢᠯᠢ ᠶᠢᠨ ᠭᠠᠳᠠᠨᠠᠬᠢ ᠤᠷᠤᠯᠳᠤᠭᠠᠨ ᠳᠤ ᠣᠷᠣᠯᠴᠠᠬᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠪᠠ᠃       ᠵᠢᠷᠭᠤᠭ᠎ᠠ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠪᠡ᠃ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯ ᠪᠤᠯᠬᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠠ᠃ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠴᠦᠯᠵᠢᠭᠰᠡᠨ᠂ ᠡᠯᠡᠰᠦᠵᠢᠭᠰᠡᠨ ᠭᠠᠵᠠᠷ ᠰᠢᠷᠣᠢ ᠶᠢᠨ ᠲᠠᠯᠠᠪᠠᠢ ᠦᠷᠭᠦᠯᠵᠢᠯᠡᠨ ︽ᠬᠤᠶᠠᠷ ᠪᠠᠭᠠᠰᠬᠠᠯᠲᠠ︾ ᠶᠢ ᠪᠡᠶᠡᠯᠡᠭᠦᠯᠪᠡ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠢᠳᠡᠪᠬᠢᠲᠡᠢ ᠦᠷ᠎ᠡ ᠪᠦᠲᠦᠮᠵᠢ ᠣᠯᠵᠤ᠂ ᠠᠯᠢ ᠤᠯᠠᠨ ᠬᠤᠪᠣᠷ ᠨᠠᠨᠳᠢᠨ ᠤᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠤᠷᠭᠤᠮᠠᠯ ᠤᠨ ᠳᠦᠷᠰᠦ ᠶᠢᠨ ᠰᠦᠷᠦᠭ ᠲᠣᠭᠲᠠᠭᠤᠨ ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠠᠬᠢᠭᠤᠯᠵᠤ᠂ ᠴᠢᠯᠠᠭᠤᠵᠢᠮᠠᠯ ᠪᠤᠰᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠬᠡᠮᠵᠢᠶ᠎ᠡ ᠶᠢᠨ ᠶᠡᠷᠦᠩᠬᠡᠢ ᠴᠠᠭᠢᠯᠭᠠᠨ ᠭᠠᠷᠭᠠᠬᠤ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠢ 40% ᠳᠤ ᠣᠶᠢᠷᠠᠲᠤᠭᠤᠯᠪᠠ᠃ ᠪᠦᠭᠦ ᠤᠯᠤᠰ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠨᠡᠩ ᠬᠥᠭᠵᠢᠶᠡᠨᠲᠡᠢ ᠪᠣᠯᠪᠠ᠃       ᠲᠤᠯᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠨᠠᠮ ᠤᠨ ᠲᠥᠪ ᠬᠤᠷᠢᠶ᠎ᠠ ᠶᠢᠨ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠭᠦᠨᠵᠡᠭᠡᠢ ᠵᠠᠰᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠴᠢᠩᠭᠠᠳᠬᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 19 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 28 ᠬᠤᠪᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠭᠰᠠᠨ ᠪᠤᠶᠤ ᠵᠠᠰᠠᠨ ᠲᠣᠭᠲᠠᠭᠠᠪᠠ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠪᠠ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠬᠤᠶᠠᠷ ᠪᠦᠯᠦᠭ ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢ ᠨᠡᠶᠢᠲᠡᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠭᠦ ᠶᠢ ᠠᠬᠢᠭᠤᠯᠪᠠ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ ᠲᠡᠭᠦᠯᠳᠡᠷᠵᠢᠭᠦᠯᠪᠡ᠃ ᠵᠥᠷᠢᠴᠡᠯ ᠵᠠᠭᠤᠷᠠᠯᠳᠤᠭᠠᠨ ᠢ ᠰᠠᠮᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠪᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯ ᠦᠭᠡᠢ ᠦᠢᠯᠡᠳᠪᠦᠷᠢᠯᠡᠯ ᠢ ᠴᠢᠩᠭᠠᠷᠠᠭᠤᠯᠵᠤ᠂ ᠰᠢᠲᠠᠮᠠᠬᠠᠢ ᠬᠡᠢ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠵᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠪᠦᠭᠦ ᠬᠡᠯᠬᠢᠶᠡᠨ ᠳᠤᠨᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠪᠡ᠃ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠠᠷᠭᠠᠴᠠᠪᠠ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠪᠡ᠃ ᠬᠡᠲᠦᠷᠡᠮᠡᠬᠡᠢ ᠬᠡᠷᠡᠭ ᠪᠠ ᠬᠡᠲᠦᠷᠡᠮᠡᠬᠡᠢ ᠬᠡᠷᠡᠭ ᠶᠠᠪᠤᠳᠠᠯ ᠭᠠᠷᠬᠤ ᠶᠢ ᠴᠢᠩᠭ᠎ᠠ ᠰᠡᠷᠭᠡᠶᠢᠯᠡᠵᠦ᠂ ᠬᠠᠷ᠎ᠠ ᠬᠤᠣᠷᠲᠠᠢ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠦᠭᠦ ᠬᠦᠴᠦᠨ ᠢᠶᠠᠷ ᠢᠶᠠᠨ ᠪᠠᠲᠤᠯᠠᠪᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ