2025 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 3
ᠨᠡᠶᠢᠲᠡᠯᠡᠭᠰᠡᠨ ᠴᠠᠭ᠄
2025/3/17
       ᠥᠩᠭᠡᠷᠡᠭᠰᠡᠨ ᠨᠢᠭᠡ ᠵᠢᠯ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠰᠢᠨ᠎ᠡ ᠪᠠᠶᠢᠳᠠᠯ ᠢ ᠡᠭᠦᠳᠦᠨ ᠨᠡᠭᠡᠭᠡᠪᠡ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯᠳᠤᠭᠠᠨ᠂ BRICS ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯᠠᠲᠤ ᠬᠤᠶᠠᠷ ᠲᠠᠯᠠᠲᠤ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯᠳᠤᠭᠠᠨ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠨᠡᠶᠢᠲᠡᠯᠡᠭᠳᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ᠂ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠰᠠᠶᠢᠳ ᠤᠨ ᠲᠠᠰ ᠤᠨ ᠬᠤᠷᠠᠯᠳᠤᠭᠠᠨ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠪᠠᠬᠢᠵᠢᠭᠦᠯᠦᠨ ᠥᠷᠭᠡᠳᠬᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠶᠢ ᠠᠷᠭᠠᠴᠠᠬᠤ ᠪᠣᠯᠣᠨ ᠤᠯᠠᠨ ᠤᠯᠤᠰ ᠤᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠥᠭᠡᠳ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃       ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠨᠤᠲᠠᠯᠠᠬᠤ ᠶᠢᠨ ᠵᠡᠷᠭᠡ ᠳᠤ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠪᠠᠶᠢᠳᠠᠯ ᠠᠴᠠ ᠦᠵᠡᠪᠡᠯ᠂ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠲᠦᠷᠭᠡᠨ ᠢᠶᠠᠷ ᠤᠯᠠᠷᠢᠨ ᠬᠤᠪᠢᠷᠠᠵᠤ᠂ ᠭᠠᠳᠠᠭᠠᠳᠤ ᠣᠷᠴᠢᠨ ᠨᠥᠬᠦᠴᠡᠯ ᠨᠡᠩ ᠲᠦᠪᠡᠭ ᠪᠤᠳᠤᠯᠢᠶᠠᠨᠲᠠᠢ ᠬᠦᠨᠳᠦ ᠬᠡᠴᠡᠭᠦᠦ ᠪᠣᠯᠵᠤ ᠪᠠᠶᠢᠬᠤ ᠨᠢ ᠮᠠᠨ ᠤ ᠤᠯᠤᠰ ᠤᠨ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠨᠡᠩ ᠶᠡᠭᠡ ᠳᠠᠭᠠᠷᠢᠯᠲᠠ ᠤᠴᠠᠷᠠᠭᠤᠯᠵᠤ ᠮᠡᠳᠡᠨ᠎ᠡ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠰᠢᠷᠦᠭᠦᠰᠦᠨ᠂ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠬᠠᠷᠰᠢ ᠰᠠᠭᠠᠳ ᠲᠤ ᠤᠴᠠᠷᠠᠵᠤ᠂ ᠪᠣᠭᠤᠮᠲᠠ ᠶᠢᠨ ᠭᠠᠶᠢᠯᠢ ᠶᠢᠨ ᠬᠤᠷᠢᠭ᠎ᠠ ᠰᠠᠭᠠᠳ ᠨᠡᠮᠡᠭᠳᠡᠵᠦ ᠪᠠᠶᠢᠬᠤ ᠨᠢ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠳᠤ ᠳᠠᠭᠠᠷᠢᠯᠲᠠ ᠤᠴᠠᠷᠠᠭᠤᠯᠵᠤ᠂ ᠣᠯᠠᠨ ᠤᠯᠤᠰ ᠤᠨ ᠠᠵᠤ ᠠᠬᠤᠢ ᠶᠢᠨ ᠣᠷᠴᠢᠯ ᠳᠤ ᠬᠠᠷᠰᠢ ᠰᠠᠭᠠᠳ ᠤᠴᠠᠷᠠᠭᠤᠯᠵᠤ ᠪᠠᠶᠢᠨ᠎ᠠ᠃ ᠭᠠᠵᠠᠷ ᠣᠷᠣᠨ ᠤ ᠤᠯᠤᠰ ᠲᠥᠷᠥ ᠶᠢᠨ ᠪᠠᠴᠢᠮ ᠬᠦᠴᠦᠨ ᠵᠦᠢᠯ ᠮᠥᠨ ᠬᠦ ᠨᠡᠯᠢᠶᠡᠳ ᠣᠯᠠᠨ ᠣᠷᠣᠰᠢᠵᠤ ᠪᠠᠶᠢᠬᠤ ᠨᠢ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠵᠢᠱᠢᠯᠲᠡ ᠪᠣᠯᠣᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠨᠥᠯᠥᠭᠡᠯᠡᠵᠦ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠬᠡᠯᠪᠡᠯᠵᠡᠯ ᠤᠨ ᠠᠶᠤᠯ ᠲᠦᠭᠰᠢᠭᠦᠷᠢ ᠶᠢ ᠨᠡᠮᠡᠭᠳᠡᠭᠦᠯᠵᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠪᠠᠰᠠ ᠲᠣᠭᠲᠠᠭᠤᠨ ᠪᠢᠰᠢ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠢᠯᠠᠩᠭᠤᠶ᠎ᠠ ᠬᠡᠷᠡᠭᠯᠡᠭᠡ ᠠᠨᠠᠢ ᠪᠠᠶᠢᠨ᠎ᠠ᠃ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠠᠰᠠᠭᠤᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠳᠠᠷᠤᠯᠲᠠ ᠲᠤᠯᠭᠠᠷᠠᠵᠤ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠣᠷᠣᠨ ᠨᠤᠲᠤᠭ ᠤᠨ ᠦᠨᠳᠦᠰᠦᠨ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ ᠪᠠᠶᠢᠨ᠎ᠠ᠃ ᠨᠡᠶᠢᠭᠡᠮ ᠤᠨ ᠵᠥᠷᠢᠴᠡᠯ ᠢ ᠠᠷᠢᠯᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃ ᠵᠠᠷᠢᠮ ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠬᠦᠷᠦᠯᠴᠡᠬᠦ ᠦᠭᠡᠢ ᠪᠠᠶᠢᠵᠤ᠂ ᠵᠠᠷᠢᠮ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠤᠳᠠᠭᠠᠪᠲᠤᠷ ᠪᠠᠶᠢᠵᠤ᠂ ᠦᠷ᠎ᠡ ᠪᠦᠲᠦᠮᠵᠢ ᠨᠢ ᠵᠢᠱᠢᠯᠲᠡ ᠳᠤ ᠬᠦᠷᠬᠦ ᠦᠭᠡᠢ ᠪᠠᠶᠢᠨ᠎ᠠ᠃ ᠵᠠᠷᠢᠮ ᠰᠠᠯᠠᠭ᠎ᠠ ᠮᠥᠴᠢᠷ ᠤᠨ ᠦᠢᠯᠡᠴᠢᠯᠡᠭᠡᠨ ᠤ ᠤᠬᠠᠮᠰᠠᠷ ᠨᠢ ᠴᠢᠩᠭ᠎ᠠ ᠪᠢᠰᠢ᠂ ᠬᠡᠷᠡᠭ ᠡᠷᠭᠢᠯᠡᠭᠦ ᠦᠷ᠎ᠡ ᠪᠦᠲᠦᠮᠵᠢ ᠨᠢ ᠥᠨᠳᠥᠷ ᠪᠢᠰᠢ ᠪᠠᠶᠢᠨ᠎ᠠ᠃ ᠵᠠᠷᠢᠮ ᠺᠠᠳ᠋ᠷ ᠳᠤᠷ᠎ᠠ ᠪᠠᠷ ᠢᠶᠠᠨ ᠦᠢᠯᠡᠳᠴᠦ᠂ ᠡᠰᠡ ᠦᠢᠯᠡᠳᠴᠦ᠂ ᠦᠢᠯᠡᠳᠬᠦᠢ ᠳᠤᠷ ᠴᠢᠳᠠᠮᠠᠭᠠᠢ ᠪᠤᠰᠤ ᠪᠠᠶᠢᠵᠤ᠂ ᠵᠠᠷᠢᠮ ᠬᠦᠷᠢᠶ᠎ᠡ ᠪᠠ ᠣᠷᠣᠨ ᠨᠤᠲᠤᠭ ᠲᠤ ᠢᠯᠵᠢᠷᠡᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠬᠦᠴᠢᠷᠳᠡᠯ ᠪᠠ ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ ᠮᠥᠷᠲᠡᠭᠡᠨ ᠨᠡᠩ ᠴᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ ᠤᠯᠤᠰ ᠢᠯᠡᠳᠲᠡ ᠪᠠᠶᠢᠭᠤᠯᠤᠯ ᠤᠨ ᠳᠠᠪᠠᠭᠤᠯᠢᠭ ᠲᠠᠢ᠂ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ᠂ ᠪᠦᠷᠢᠨ ᠲᠥᠬᠦᠷ ᠠᠵᠤ ᠦᠢᠯᠡᠰ ᠤᠨ ᠰᠢᠰᠲ᠋ᠧᠮ᠂ ᠡᠯᠪᠡᠭ ᠳᠡᠯᠪᠡᠭ ᠬᠥᠮᠥᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠵᠡᠷᠭᠡ ᠣᠯᠠᠨ ᠠᠷᠪᠢᠨ ᠳᠠᠪᠠᠭᠤᠯᠢᠭ ᠨᠥᠬᠦᠴᠡᠯ ᠲᠠᠢ᠂ ᠠᠯᠤᠰ ᠭᠡᠳᠦ ᠶᠢᠨ ᠲᠥᠯᠦᠪᠵᠢᠭᠦᠯᠭᠡ᠂ ᠰᠢᠨᠵᠢᠯᠡᠬᠦ ᠤᠬᠠᠭᠠᠨᠴᠢ ᠲᠣᠬᠢᠷᠠᠭᠤᠯᠤᠯ ᠡᠵᠡᠮᠳᠡᠯ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠭᠰᠠᠨ ᠪᠦᠲᠦᠮᠵᠢᠲᠡᠶ ᠵᠠᠰᠠᠯᠲᠠ ᠶᠢᠨ ᠲᠣᠭᠲᠠᠴᠠ ᠲᠠᠢ᠂ ᠬᠡᠷᠡᠭᠴᠡᠭᠡ ᠶᠢ ᠳᠡᠰ ᠳᠡᠪᠰᠢᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠬᠥᠳᠡᠯᠭᠡᠭᠴᠢ ᠡᠨᠧᠷᠭᠢ ᠶᠢ ᠰᠣᠯᠢᠬᠤ ᠥᠷᠭᠡᠨ ᠠᠭᠤᠳᠠᠮ ᠨᠡᠮᠡᠭᠳᠡᠯ ᠣᠷᠣᠨ ᠵᠠᠢ ᠲᠠᠢ ᠪᠠᠶᠢᠵᠤ᠂ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠥᠭᠡᠳ ᠬᠤᠪᠢᠷᠠᠬᠤ ᠴᠤ ᠦᠭᠡᠢ ᠶᠤᠮ᠂ ᠮᠠᠨ ᠤ ᠤᠯᠤᠰ ᠤᠨ ᠠᠵᠤ ᠠᠬᠤᠢ ᠶᠢᠨ ᠠᠶᠠᠯᠠᠯ ᠤᠨ ᠣᠩᠭᠤᠴᠠ ᠰᠠᠯᠬᠢ ᠳᠠᠪᠠᠯᠭᠠᠨ ᠢ ᠵᠦᠰᠦᠵᠦ᠂ ᠯᠠᠪᠳᠠᠭᠤᠨ ᠢᠶᠠᠷ ᠬᠤᠯᠠ ᠠᠶᠠᠯᠠᠬᠤ ᠨᠢ ᠯᠠᠪᠲᠠᠢ ᠶᠤᠮ︕       ᠬᠤᠶᠠᠷ᠂ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ       ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠴᠦᠰ ᠤᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠢ ᠲᠥᠯᠥᠪᠯᠡᠵᠦ᠂ ᠨᠡᠩ ᠢᠳᠡᠪᠬᠢᠲᠡᠢ ᠪᠥᠭᠡᠳ ᠪᠦᠳᠦᠮᠵᠢᠳᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠶᠢᠨ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠤᠨ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ᠃       ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠵᠤ᠂ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃       ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠣᠯᠣᠨ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢᠨ ᠬᠡᠷᠡᠭᠴᠡᠭᠡ ᠪᠤᠯᠬᠤ ᠮᠥᠷᠲᠡᠭᠡᠨ ᠪᠠᠰᠠ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠠᠰᠢᠭᠲᠠᠢ ᠨᠥᠬᠦᠴᠡᠯ ᠤᠨ ᠲᠤᠯᠭᠠᠭᠤᠷᠢᠯᠠᠯ ᠲᠠᠢ ᠪᠠᠶᠢᠵᠤ᠂ ᠲᠡᠷᠡᠴᠢᠯᠡᠨ ᠤᠷᠲᠤᠪᠲᠤᠷ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠲᠠᠢ ᠵᠣᠯᠭᠠᠯᠳᠤᠭᠤᠯᠵᠤ᠂ ᠬᠦᠴᠢᠷ ᠢ ᠰᠥᠷᠦᠨ ᠤᠷᠤᠭᠰᠢᠯᠠᠵᠤ ᠬᠦᠴᠦᠯᠡᠨ ᠴᠢᠷᠮᠠᠶᠢᠬᠤ ᠢᠯᠡ ᠲᠣᠳᠣ ᠤᠳᠤᠷᠢᠳᠤᠮᠵᠢ ᠶᠢ ᠲᠤᠪᠤᠶᠢᠯᠭᠠᠬᠰᠠᠨ ᠶᠤᠮ᠃ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠥᠷᠢᠴᠡᠯ ᠨᠠᠩ ᠲᠣᠪᠤᠶᠢᠮ᠎ᠠ ᠪᠠᠶᠢᠬᠤ ᠠᠬᠤᠢ ᠪᠠᠶᠢᠳᠠᠯ ᠳᠣᠣᠷ᠎ᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ ᠱᠠᠭᠠᠷᠳᠠᠯᠭ᠎ᠠ ᠶᠢ ᠢᠯᠡᠷᠡᠭᠦᠯᠦᠭᠰᠡᠨ ᠶᠤᠮ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠬᠤ ᠶᠢᠨ ᠵᠣᠷᠢᠯᠭ᠎ᠠ ᠨᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠬᠠᠮᠲᠤ ᠶᠢᠨ ᠦᠢᠯᠡᠳᠦᠯ ᠢᠶᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠰᠠᠶᠢᠵᠢᠷᠠᠭᠤᠯᠵᠤ᠂ ᠦᠨ᠎ᠡ ᠬᠠᠩᠰᠢ ᠶᠢᠨ ᠶᠡᠷᠦᠩᠬᠡᠢ ᠲᠦᠪᠰᠢᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢᠨ ᠲᠥᠯᠥᠭᠡ ᠶᠤᠮ᠃ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠮᠠᠰᠢ ᠭᠢᠯᠪᠡᠷ ᠪᠤᠰᠤ ᠶᠤᠮ᠂ ᠡᠷᠬᠡᠪᠰᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ᠃       ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠪᠠ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠨᠢ ᠡᠪᠳᠡᠬᠦ᠂ ᠰᠢᠰᠲ᠋ᠧᠮᠵᠢᠭᠦᠯᠦᠨ ᠬᠤᠷᠠᠭᠤᠯᠬᠤ ᠪᠠ ᠬᠠᠮᠲᠤᠷᠠᠨ ᠬᠠᠮᠵᠢᠯᠴᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠲᠦᠷᠦ ᠶᠢᠨ ᠪᠣᠳᠣᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠪᠠᠷᠠᠯᠠᠭᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠨ᠂ ᠴᠠᠭ ᠲᠣᠭᠢᠶᠠᠯ ᠪᠠ ᠡᠷᠴᠢᠮ ᠢ ᠡᠷᠬᠢᠮᠯᠡᠵᠦ᠂ ᠰᠢᠰᠲ᠋ᠧᠮᠲᠦ ᠰᠡᠳᠬᠢᠬᠦᠢ ᠶᠢ ᠴᠢᠩᠭᠠᠳᠬᠠᠵᠤ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ