ᠡᠳ᠋ ᠤᠨ ᠵᠠᠰᠠᠭ ᠤᠨ ᠨᠡᠩ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠣᠷᠣᠯᠭ᠎ᠠ᠂ ᠵᠢᠭᠡᠯᠡᠯᠭᠡ ᠶᠢᠨ ᠲᠡᠮᠳᠡᠭᠲᠦ ᠵᠡᠷᠭᠡ ᠡᠯ᠎ᠡ | ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ | ᠬᠦᠴᠦᠯᠡᠵᠦ᠂ ᠨᠠᠩ ᠢᠯᠡᠭᠦᠦ ᠬᠦᠴᠦᠲᠡᠢ ᠪᠤᠯᠬᠤ ᠶᠢ ᠦᠨᠡᠨ ᠬᠦ ᠪᠠᠲᠤᠯᠠᠨ᠎ᠠ᠃ ᠡᠨᠡ ᠵᠢᠯ ᠤᠨ ᠤᠯᠠᠭᠠᠨ ᠲᠤᠭ᠎ᠠ ᠶᠢᠨ ᠨᠣᠷᠮ᠎ᠠ ᠶᠢ 4% ᠣᠷᠴᠢᠮ ᠢᠶᠠᠷ | ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 1 ᠵᠠᠭᠤᠨ ᠤ ᠨᠢᠭᠡᠴᠢ ᠳᠡᠭᠡᠭᠰᠢᠯᠡᠭᠦᠯᠵᠦ᠂ ᠤᠯᠠᠭᠠᠨ ᠲᠤᠭ᠎ᠠ ᠶᠢᠨ ᠬᠡᠪᠴᠢᠶ᠎ᠡ ᠶᠢ 5.66 ᠲᠦᠮᠡᠨ ᠳ᠋ᠦᠩᠰᠢᠭᠤᠷ | ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠪᠠᠶᠢᠨ᠎ᠠ᠃ ᠡᠩ ᠤᠨ ᠤᠯᠠᠨ ᠨᠡᠶᠢᠲᠡ ᠶᠢᠨ | ᠲᠥᠰᠥᠪ ᠤᠨ ᠵᠠᠷᠤᠯᠭ᠎ᠠ ᠶᠢᠨ ᠬᠡᠪᠴᠢᠶ᠎ᠡ ᠶᠢ 29.7 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ ᠬᠢ ᠠᠴᠠ 1.2 ᠲᠦᠮᠡᠨ ᠳ᠋ᠦᠩᠰᠢᠭᠤᠷ | ᠲᠥᠭᠦᠷᠢᠭ ᠨᠡᠮᠡᠭᠳᠡᠭᠦᠯᠦᠨ᠎ᠡ᠃ ᠭᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ 1.3 ᠲᠦᠮᠡᠨ ᠳ᠋ᠦᠩᠰᠢᠭᠤᠷ ᠲᠥᠭᠦᠷᠢᠭ ᠲᠠᠷᠬᠠᠭᠠᠵᠤ᠂ | ᠲᠦᠷᠦᠭᠦᠦ ᠵᠢᠯ ᠤᠨ ᠬᠢ ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠪᠠᠶᠢᠨ᠎ᠠ᠃ ᠣᠨᠴᠠᠭᠠᠶ ᠤᠯᠤᠰ ᠤᠨ ᠵᠢᠭᠡᠯᠡᠯᠭᠡ ᠶᠢ 5000 ᠳ᠋ᠦᠩᠰᠢᠭᠤᠷ | ᠲᠥᠭᠦᠷᠢᠭ ᠲᠠᠷᠬᠠᠭᠠᠵᠤ᠂ ᠤᠯᠤᠰ ᠤᠨ ᠥᠮᠴᠢᠯᠡᠯ ᠤᠨ ᠲᠣᠮᠣ ᠭᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠬᠥᠷᠥᠩᠭᠡ ᠪᠠᠨ ᠨᠥᠬᠦᠪᠦᠷᠢᠯᠡᠬᠦ ᠶᠢ ᠳᠡᠮᠵᠢᠬᠦ ᠪᠠᠷ | ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 4.4 ᠲᠦᠮᠡᠨ ᠳ᠋ᠦᠩᠰᠢᠭᠤᠷ ᠲᠥᠭᠦᠷᠢᠭ | ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 5000 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ᠂ ᠭᠠᠵᠠᠷ | ᠰᠢᠷᠣᠢ ᠬᠤᠳᠠᠯᠳᠤᠨ ᠠᠪᠴᠤ ᠨᠥᠭᠡᠴᠡᠯᠡᠬᠦ ᠪᠠ ᠬᠠᠳᠠᠭᠠᠯᠠᠯᠲᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠰᠢᠢᠳᠪᠦᠷᠢᠯᠡᠬᠦ ᠵᠡᠷᠭᠡ ᠳᠤ ᠭᠤᠣᠯᠳᠠᠯᠭ᠎ᠠ ᠲᠠᠢ ᠬᠡᠷᠡᠭᠯᠡᠬᠦ ᠪᠠᠷ ᠪᠠᠶᠢᠨ᠎ᠠ᠃ ᠡᠨᠡ ᠵᠢᠯ | ᠵᠠᠰᠠᠭ ᠤᠨ ᠣᠷᠳᠣᠨ ᠤ ᠥᠷᠢ ᠥᠭᠴᠡᠭᠡ ᠶᠢᠨ ᠶᠡᠷᠦᠩᠬᠡᠢ ᠬᠡᠪᠴᠢᠶ᠎ᠡ ᠶᠢ ᠨᠡᠶᠢᠲᠡ 11.86 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ | ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠢᠯᠡᠳᠲᠡ | ᠴᠢᠩᠭᠠᠷᠠᠭᠤᠯᠤᠨ᠎ᠠ᠃ ᠡᠯ᠎ᠡ ᠵᠦᠢᠯ ᠤᠨ ᠪᠡᠯᠡ ᠮᠥᠩᠭᠦ ᠶᠢ ᠳᠣᠷᠣᠭᠰᠢ ᠪᠠᠭᠤᠯᠭᠠᠵᠤ ᠰᠠᠯᠭᠠᠨ ᠥᠭᠬᠦ ᠶᠢ ᠲᠦᠷᠭᠡᠳᠬᠡᠵᠦ᠂ ᠠᠯᠢ ᠲᠦᠷᠭᠡᠨ ᠢᠶᠠᠷ ᠪᠣᠳᠠᠲᠠᠢ ᠵᠠᠷᠤᠯᠭ᠎ᠠ | ᠪᠤᠯᠭᠠᠵᠤ ᠪᠦᠷᠢᠯᠳᠦᠭᠦᠯᠦᠨ᠎ᠡ᠃ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ | ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠡᠩ ᠴᠢᠬᠤᠯᠠᠴᠢᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ | ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠠ᠊ᠩ ᠤᠨ ᠴᠢᠨᠠᠷᠲᠠᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠭᠠᠵᠠᠷ | ᠣᠷᠣᠨ ᠪᠠ ᠬᠥᠭᠵᠢᠯᠲᠡ ᠪᠠᠷᠤᠭᠲᠠᠢ ᠭᠠᠵᠠᠷ ᠣᠷᠣᠨ ᠲᠡᠶᠢᠰᠢ ᠬᠡᠯᠪᠠᠶᠢᠯᠭᠡᠨ᠎ᠡ᠃ ᠱᠠᠲᠤ ᠬᠤᠪᠢᠶᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ︽ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ ᠬᠢᠵᠠᠭᠠᠷ ᠱᠤᠭᠤᠮ ᠢ ᠪᠠᠲᠤ ᠴᠣᠭᠴᠠᠯᠠᠵᠤ ᠪᠠᠲᠤ ᠰᠠᠬᠢᠨ᠎ᠠ᠃ ᠵᠠᠰᠠᠭ ᠤᠨ ᠣᠷᠳᠣᠨ | ᠠᠷᠪᠢᠯᠠᠵᠤ ᠠᠮᠢᠳᠤᠷᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠠᠬᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠨ᠂ ᠱᠠᠯᠢᠨ ᠪᠦᠷᠢᠯᠭᠡᠬᠦ ᠶᠢ ᠴᠢᠩᠭ᠎ᠠ ᠴᠠᠭᠠᠵᠠᠯᠠᠵᠤ᠂ ᠨᠡᠩ ᠤᠯᠠᠨ ᠪᠡᠯᠡ ᠮᠥᠩᠭᠦ ᠶᠢ ᠰᠤᠯᠠᠯᠠᠨ ᠭᠠᠷᠭᠠᠵᠤ ᠬᠥᠭᠵᠢᠯᠲᠡ ᠶᠢᠨ | ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠨᠡᠶᠢᠴᠡᠭᠦᠯᠵᠦ ᠬᠡᠷᠡᠭᠯᠡᠨ᠎ᠡ᠃ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠪᠠᠭᠠᠵᠢ ᠶᠢᠨ ᠶᠡᠷᠦᠩᠬᠡᠢ ᠬᠡᠮᠵᠢᠶ᠎ᠡ ᠪᠣᠯᠣᠨ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ | ᠪᠠ ᠬᠦᠦ ᠮᠥᠩᠭᠦ ᠶᠢᠨ ᠨᠤᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ | ᠪᠡᠯᠡ ᠲᠣᠬᠢᠷᠠᠭᠤᠯᠭ᠎ᠠ ᠶᠢᠨ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ | ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠤᠨ᠎ᠠ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ | ᠰᠢᠯᠢᠳᠡᠭᠵᠢᠭᠦᠯᠬᠦ ᠪᠠ ᠡᠨᠡ ᠲᠠᠯ᠎ᠠ ᠪᠠᠷ ᠰᠢᠨ᠎ᠡ ᠶᠢ ᠡᠭᠦᠳᠴᠦ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ | ᠬᠥᠭᠵᠢᠬᠦ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠨᠣᠭᠤᠭᠠᠨ ᠬᠥᠭᠵᠢᠯᠲᠡ᠂ ᠬᠡᠷᠡᠭᠯᠡᠭᠡ ᠶᠢ | ᠬᠥᠭᠵᠢᠭᠡᠬᠦ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠦᠵᠡᠭᠦᠯᠭᠦ ᠳᠡᠮᠵᠢᠯᠭᠡ ᠪᠠᠨ ᠴᠢᠩᠭᠠᠷᠠᠭᠤᠯᠤᠨ᠎ᠠ᠃ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠬᠦᠦ ᠮᠥᠩᠭᠦ ᠶᠢᠨ ᠨᠣᠷᠮ᠎ᠠ ᠶᠢᠨ ᠪᠦᠷᠢᠯᠳᠦᠬᠦ | ᠪᠠ ᠳᠠᠮᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠬᠡ ᠮᠥᠩᠭᠦ ᠶᠢ ᠨᠢ ᠪᠤᠴᠠᠭᠠᠯᠭᠠᠬᠤ ᠦᠭᠡᠢ ᠪᠠᠷ ᠵᠢᠭᠡᠯᠡᠯᠭᠡ ᠶᠢ ᠦᠷᠭᠦᠯᠵᠢᠯᠡᠭᠦᠯᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠪᠠ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠵᠡᠷᠭᠡ ᠳᠡᠮᠵᠢᠯᠭᠡ ᠶᠢᠨ | ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠵᠤ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠦᠷᠲᠡᠵᠦ ᠪᠤᠯᠬᠤ ᠴᠢᠨᠠᠷ ᠪᠠ ᠲᠥᠭᠦᠮ ᠳᠥᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ | ᠲᠥᠪ ᠪᠠᠩᠬᠢ ᠶᠢᠨ ᠬᠤᠷᠸ᠎ᠠ ᠲᠠᠯ᠎ᠠ ᠪᠠᠷ ᠬᠢᠨᠠᠭᠤᠷ ᠪᠣᠯᠭᠤᠮᠵᠢᠲᠠᠢ ᠬᠠᠮᠢᠶᠠᠷᠬᠤ ᠪᠠ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠴᠢᠳᠠᠮᠵᠢ ᠶᠢ ᠥᠷᠭᠡᠳᠬᠡᠵᠦ᠂ | ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠬᠤᠷᠸ᠎ᠠ ᠲᠥᠷᠥ ᠶᠢᠨ ᠪᠣᠳᠣᠯᠭ᠎ᠠ ᠶᠢᠨ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠎ᠠ᠃ ᠠᠷᠠᠳ ᠲᠦᠮᠡᠨ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ | ᠠᠬᠢᠭᠤᠯᠬᠤ ᠲᠡᠶᠢᠰᠢ ᠨᠡᠩ ᠢᠯᠡᠭᠦᠦ ᠰᠢᠯᠵᠢᠭᠦᠯᠵᠦ᠂ ᠬᠡᠷᠡᠭᠯᠡᠭᠡ ᠪᠠᠷ ᠠᠵᠤ ᠠᠬᠤᠢ ᠶᠢᠨ ᠣᠷᠴᠢᠯ ᠢ ᠬᠥᠭᠵᠢᠭᠡᠨ ᠰᠢᠯᠤᠭᠤᠳᠬᠠᠵᠤ᠂ ᠬᠡᠷᠡᠭᠯᠡᠭᠡ ᠶᠢᠨ ᠳᠡᠰ | ᠳᠡᠪᠰᠢᠯᠲᠡ ᠪᠠᠷ ᠠᠵᠤ ᠦᠢᠯᠡᠰ ᠤᠨ ᠳᠡᠰ ᠳᠡᠪᠰᠢᠯᠲᠡ ᠶᠢ ᠬᠥᠲᠥᠯᠥᠨ ᠳᠠᠭᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤᠮᠳᠠ ᠠᠵᠤ | ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠨᠠᠩ ᠣᠯᠠᠨ ᠪᠡᠯᠡ ᠮᠥᠩᠭᠦ ᠡᠬᠢ ᠪᠠᠶᠠᠯᠢᠭ ᠤᠨ ︽ᠬᠥᠮᠥᠨ ᠳᠤ ᠪᠡᠯᠡ ᠣᠷᠣᠭᠤᠯᠬᠤ︾ ᠪᠠ | ᠠᠷᠠᠳ ᠤᠨ ᠠᠮᠢᠳᠤᠷᠠᠯ ᠳᠤ ᠦᠢᠯᠡᠴᠢᠯᠡᠬᠦ ᠶᠢ ᠠᠬᠢᠭᠤᠯᠵᠤ᠂ ᠠᠵᠢᠯ ᠣᠯᠭᠤᠯᠲᠠ ᠶᠢ ᠥᠷᠭᠡᠳᠬᠡᠬᠦ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ | ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠬᠤ᠂ ᠬᠡᠷᠡᠭᠯᠡᠭᠡ ᠶᠢᠨ ᠤᠷᠮᠠᠰᠢᠭᠤᠯᠤᠯ ᠢ ᠴᠢᠩᠭᠠᠳᠬᠠᠬᠤ ᠶᠢ ᠳᠡᠮᠵᠢᠵᠦ᠂ ᠠᠵᠤ ᠠᠬᠤᠢ ᠶᠢᠨ ᠬᠥᠭᠵᠢᠯᠲᠡ ᠪᠠ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠰᠠᠶᠢᠨ ᠣᠷᠴᠢᠯ ᠢ ᠪᠤᠢ ᠪᠣᠯᠭᠠᠨ᠎ᠠ᠃ | ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ | ᠠᠷᠠᠯᠵᠢᠶ᠎ᠠ᠂ ᠣᠷᠴᠢᠨ ᠠᠬᠤᠢ ᠶᠢᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠵᠢᠴᠢ ᠥᠭᠡᠷᠡᠴᠢᠯᠡᠯᠲᠡ | ᠨᠡᠭᠡᠭᠡᠯᠲᠡ ᠶᠢᠨ ᠠᠷᠭ᠎ᠠ ᠬᠡᠮᠵᠢᠶ᠎ᠡ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠯ ᠬᠦᠴᠦᠨ ᠢ | ᠴᠢᠩᠭᠠᠷᠠᠭᠤᠯᠤᠨ᠎ᠠ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ ᠠᠵᠢᠯ ᠤᠨ ᠲᠣᠭᠲᠠᠴᠠ ᠶᠢ ᠪᠦᠷᠢᠨᠰᠢᠭᠦᠯᠬᠦ ᠪᠠ | ᠰᠠᠶᠢᠲᠤᠷ ᠬᠡᠷᠡᠭᠯᠡᠵᠦ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠣᠯᠣᠨ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠨᠢᠭᠡᠳᠦᠯᠲᠦ ᠴᠢᠨᠠᠷ ᠤᠨ ᠦᠨᠡᠯᠡᠨ | ᠵᠢᠱᠢᠯᠲᠡ ᠳᠤ ᠨᠢᠭᠡᠳᠦᠯᠲᠡᠢ ᠣᠷᠣᠭᠤᠯᠵᠤ᠂ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ ᠨᠢᠭᠡᠳᠦᠯᠲᠡᠢ ᠲᠥᠯᠥᠪᠯᠡᠵᠦ᠂ | ᠲᠥᠷᠥ ᠶᠢᠨ ᠪᠣᠳᠣᠯᠭ᠎ᠠ ᠶᠢᠨ ᠬᠠᠷᠠᠯᠲᠠ᠂ ᠪᠠᠭᠠᠵᠢ᠂ ᠴᠠᠭ ᠲᠣᠭᠢᠶᠠᠯ᠂ ᠡᠷᠴᠢᠮ᠂ ᠠᠶᠢᠵᠠᠮ ᠤᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠥᠷᠥ ᠶᠢᠨ | ᠪᠣᠳᠣᠯᠭ᠎ᠠ ᠨᠡᠶᠢᠲᠡᠯᠡᠨ ᠬᠡᠷᠡᠭᠵᠢᠭᠦᠯᠬᠦ ᠳᠡᠭᠡᠨ ᠡᠷᠲᠡᠯᠡᠭᠦᠯᠵᠦ ᠪᠤᠯᠬᠤ ᠶᠢ ᠨᠢ ᠡᠷᠲᠡᠯᠡᠭᠦᠯᠦᠨ᠂ ᠡᠷᠲᠡᠯᠡᠭᠦᠯᠬᠦ ᠠᠴᠠ ᠪᠢᠰᠢ ᠣᠷᠦ᠋ᠢᠲᠠᠭᠤᠯᠬᠤ ᠦᠭᠡᠢ ᠪᠠᠶᠢᠵᠤ᠂ ᠡᠯ᠎ᠡ | ᠵᠦᠢᠯ ᠤᠨ ᠮᠠᠭᠠᠳ ᠪᠤᠰᠤ ᠴᠢᠨᠠᠷ ᠯᠤᠭ᠎ᠠ ᠤᠷᠤᠯᠳᠤᠨ ᠴᠠᠭ ᠢ ᠠᠮᠵᠢᠵᠤ᠂ ᠵᠥᠪ ᠭᠡᠵᠦ ᠦᠵᠡᠭᠰᠡᠨ ᠢᠶᠠᠨ ᠨᠢᠭᠡ ᠯᠡ ᠳᠡᠭᠡᠷ᠎ᠡ ᠭᠦᠢᠴᠡᠳ ᠬᠠᠩᠭᠠᠯᠲᠠᠲᠠᠢ ᠲᠣᠭᠲᠠᠭᠠᠨ | ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ︽ᠡᠬᠢᠨ ᠤ ᠨᠢᠭᠡ ᠺᠢᠯᠣᠮᠧᠳ᠋ᠷ︾ ᠠᠴᠠ ︽ᠡᠴᠦᠰ ᠤᠨ ᠨᠢᠭᠡ | ᠺᠢᠯᠣᠮᠧᠳ᠋ᠷ︾ ᠭᠦᠷᠲᠡᠯ᠎ᠡ ᠵᠣᠯᠭᠠᠯᠳᠤᠨ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠠᠭᠤᠨ ᠢ ᠰᠣᠨᠣᠰᠬᠤ ᠶᠢ ᠴᠢᠬᠤᠯᠠᠴᠢᠯᠠᠵᠤ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠬᠠᠮᠵᠢᠯᠴᠠᠭᠤᠯᠤᠨ ᠠᠬᠢᠭᠤᠯᠵᠤ᠂ ᠢᠳᠡᠪᠬᠢᠲᠡᠢ ᠨᠡᠶᠢᠭᠡᠮ ᠤᠨ | ᠵᠢᠱᠢᠯᠲᠡ ᠶᠢ ᠪᠤᠶ ᠪᠣᠯᠭᠠᠨ᠎ᠠ᠃ | ᠡᠨᠡ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠶᠠᠰᠤ ᠴᠢᠨᠠᠷ ᠢᠶᠠᠷ ᠢᠯᠠᠬᠤ ᠪᠠ | ᠬᠡᠪᠴᠢᠶᠡᠵᠢᠭᠦᠯᠬᠦ ᠦᠢᠯᠡᠳᠦᠯ ᠢ ᠪᠠᠳᠠᠷᠠᠭᠤᠯᠬᠤ ᠶᠢ ᠨᠢᠭᠡᠳᠦᠭᠦᠯᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ | ᠵᠣᠬᠢᠰᠲᠠᠢ ᠨᠡᠮᠡᠭᠳᠡᠯ ᠢ ᠪᠡᠶᠡᠯᠡᠭᠦᠯᠦᠨ᠎ᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠭᠡᠭᠡᠯᠲᠡ ᠶᠢ ᠥᠷᠭᠡᠳᠬᠡᠬᠦ ᠳᠤᠮᠳᠠ ᠤᠯᠠᠨ ᠤᠯᠤᠰ ᠤᠨ ᠬᠠᠮᠲᠤᠷᠠᠯᠴᠠᠭᠠᠨ ᠤ | ᠣᠷᠣᠨ ᠵᠠᠢ ᠶᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠨᠡᠩ ᠥᠨᠳᠥᠷ ᠲᠦᠪᠰᠢᠨ ᠳᠡᠭᠡᠷ᠎ᠡ ᠬᠠᠷᠢᠯᠴᠠᠨ ᠠᠬᠢᠭᠤᠯᠬᠤ᠂ | ᠰᠠᠶᠢᠨ ᠦᠢᠯᠡᠳᠦᠯᠴᠡᠬᠦ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠡᠷᠡᠭᠯᠡᠭᠡᠨ ᠤ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ ᠬᠥᠲᠥᠯᠥᠨ | ᠳᠠᠭᠠᠭᠤᠯᠬᠤ ᠪᠠ ᠬᠡᠷᠡᠭᠴᠡᠭᠡ ᠶᠢ ᠡᠭᠦᠳᠬᠦ ᠶᠢ ᠨᠡᠩ ᠴᠢᠬᠤᠯᠠᠴᠢᠯᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠡᠯ᠎ᠡ | ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠶᠢ ᠪᠠᠷᠢᠮᠲᠠᠯᠠᠵᠤ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ | ᠭᠤᠷᠪᠠ᠂ 2025 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠮᠠᠰᠢ ᠨᠦᠰᠡᠷ ᠬᠦᠨᠳᠦ ᠪᠠᠶᠢᠨ᠎ᠠ᠃ ᠪᠢᠳᠡ ᠭᠤᠣᠯᠳᠠᠯᠭ᠎ᠠ ᠶᠢ ᠲᠣᠪᠤᠶᠢᠯᠭᠠᠨ᠂ | ᠵᠠᠩᠭᠢᠯᠠᠭ᠎ᠠ ᠶᠢ ᠡᠵᠡᠮᠳᠡᠵᠦ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠴᠢᠬᠤᠯᠠᠴᠢᠯᠠᠨ ᠰᠠᠶᠢᠲᠤᠷ ᠠᠳᠬᠤᠬᠤ ᠬᠡᠷᠡᠭᠲᠡᠢ᠃ | ︵ᠨᠢᠭᠡ︶ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠨ᠎ᠡ᠃ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠨᠠᠩ ᠰᠠᠶᠢᠨ ᠤᠶᠠᠯᠳᠤᠯ ᠢ ᠠᠬᠢᠭᠤᠯᠵᠤ᠂ ᠳᠣᠲᠣᠭᠠᠳᠤ ᠬᠡᠷᠡᠭᠴᠡᠭᠡ | ᠢᠯᠠᠩᠭᠤᠶ᠎ᠠ ᠬᠡᠷᠡᠭᠯᠡᠭᠡ ᠶᠢᠨ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠭᠤᠣᠯ | ᠬᠥᠳᠡᠯᠭᠡᠭᠴᠢ ᠬᠦᠴᠦᠨ ᠪᠠ ᠲᠣᠭᠲᠠᠪᠤᠷᠢᠵᠢᠭᠤᠯᠤᠭᠴᠢ ᠪᠣᠯᠭᠠᠨ᠎ᠠ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠴᠢᠨᠠᠷ ᠰᠠᠶᠢᠲᠠᠢ ᠬᠠᠩᠭᠠᠯᠭ᠎ᠠ ᠶᠢ | ᠨᠡᠮᠡᠭᠳᠡᠭᠦᠯᠬᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠤᠰᠬᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠣᠯᠠᠨ ᠶᠠᠩᠵᠤᠴᠢᠯᠠᠭᠰᠠᠨ᠂ ᠵᠦᠷᠢᠶᠡᠵᠢᠭᠰᠡᠨ | ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢ ᠨᠡᠮᠡᠭᠳᠡᠭᠦᠯᠦᠨ | ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠥᠳᠡᠯᠮᠦᠷᠢᠴᠢᠳ ᠤᠨ ᠴᠠᠯᠢᠩ ᠤᠨ ᠬᠡᠪ ᠤᠨ ᠥᠰᠦᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠡᠲᠦ | ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ 3000 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠳᠡᠮᠵᠢᠨ᠎ᠡ᠃ ᠣᠷᠣᠬᠤ ᠵᠥᠪᠰᠢᠶᠡᠷᠡᠯ ᠢ ᠠᠭᠤᠵᠢᠭᠤ ᠪᠤᠯᠭᠠᠬᠤ᠂ ᠬᠢᠵᠠᠭᠠᠷᠯᠠᠯ ᠢ ᠪᠠᠭᠠᠰᠬᠠᠬᠤ᠂ ᠬᠢᠨᠠᠯᠲᠠ ᠬᠠᠮᠢᠶᠠᠷᠤᠯᠲᠠ ᠶᠢ | ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ᠂ ᠬᠡᠦᠬᠡᠳ ᠰᠠᠭᠠᠲᠠᠭᠤᠯᠬᠤ᠂ ᠭᠡᠷ | ᠠᠬᠤᠢ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠬᠡᠷᠡᠭᠯᠡᠭᠡᠨ ᠤ ᠠᠬᠤᠢ ᠪᠠᠶᠢᠳᠠᠯ ᠤᠨ ᠰᠢᠨ᠎ᠡ ᠶᠢ ᠡᠭᠦᠳᠬᠦ ᠪᠠ ᠲᠡᠭᠦᠨ ᠢ | ᠪᠠᠶᠠᠯᠢᠭᠵᠢᠭᠤᠯᠵᠤ᠂ ᠳ᠋ᠢᠵᠢᠲ᠋ᠠᠯ᠂ ᠨᠣᠭᠤᠭᠠᠨ᠂ ᠤᠶᠤᠯᠢᠭ ᠵᠡᠷᠭᠡ ᠰᠢᠨ᠎ᠡ ᠭᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ ᠲᠦᠷᠭᠡᠳᠬᠡᠨ᠎ᠡ᠃ ᠠᠮᠠᠷᠠᠯᠲᠠ ᠶᠢᠨ | ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ | ᠭᠠᠶᠢᠯᠢ ᠬᠡᠯᠲᠦᠷᠢᠭᠦᠯᠬᠦ ᠳᠡᠯᠭᠡᠭᠦᠷ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠢᠷᠡᠨ ᠬᠡᠷᠡᠭᠯᠡᠭᠡ ᠬᠢᠬᠦ ᠶᠢ ᠥᠷᠭᠡᠳᠬᠡᠬᠦ ᠶᠢ | ᠠᠬᠢᠭᠤᠯᠤᠨ᠎ᠠ᠃ ᠣᠯᠠᠨ ᠤᠯᠤᠰ ᠤᠨ ᠬᠡᠷᠡᠭᠯᠡᠭᠡᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠢ ᠪᠦᠷᠢᠨᠰᠢᠭᠦᠯᠦᠨ᠎ᠡ᠃ ᠪᠦᠭᠦ ᠰᠢᠰᠲ᠋ᠧᠮ ᠤᠨ ᠬᠡᠷᠡᠭᠯᠡᠭᠡᠨ ᠤ ᠲᠤᠭ᠎ᠠ ᠪᠦᠷᠢᠳᠬᠡᠯ ᠤᠨ ᠳᠦᠷᠢᠮ ᠢ ᠲᠡᠭᠦᠯᠳᠡᠷᠵᠢᠭᠦᠯᠦᠨ᠎ᠡ᠃ | ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠨ᠎ᠠ᠃ | |