2025 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 5
ᠨᠡᠶᠢᠲᠡᠯᠡᠭᠰᠡᠨ ᠴᠠᠭ᠄
2025/3/17
       ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠡᠯ᠎ᠡ ᠲᠥᠷᠥᠯ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠠᠭᠠᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ ᠪᠣᠯᠣᠨ ᠮᠥᠩᠭᠦᠨ ᠭᠦᠢᠯᠭᠡᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠲᠥᠰᠥᠯ ᠤᠨ ᠨᠥᠭᠡᠴᠡ ᠪᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠲᠠᠢ ᠲᠥᠰᠥᠯ ᠢ ᠲᠦᠷᠭᠡᠯᠡᠨ ᠬᠡᠷᠡᠭᠵᠢᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠤᠷᠤᠭᠰᠢᠲᠠᠢ ᠳᠠᠭᠤᠰᠬᠠᠬᠤ ᠶᠢ ᠠᠬᠢᠭᠤᠯᠤᠨ᠎ᠠ᠃ ᠲᠥᠰᠥᠯ ᠢ ᠦᠨᠡᠨ ᠬᠦ ᠣᠨᠣᠪᠴᠢᠲᠠᠶ ᠪᠥᠭᠡᠳ ᠰᠠᠶᠢᠲᠤᠷ ᠰᠣᠩᠭᠤᠵᠤ᠂ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠪᠦᠲᠦᠭᠡᠨ ᠪᠠᠶᠢᠭᠤᠯᠵᠤ ᠪᠠᠶᠢᠭ᠎ᠠ ᠲᠥᠰᠥᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠵᠤ᠂ ᠦᠷ᠎ᠡ ᠠᠰᠢᠭ ᠳᠣᠣᠷ᠎ᠠ ᠪᠡᠯᠡ ᠤᠷᠤᠭᠤᠯᠤᠯᠲᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ 7350 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠭᠡᠲᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠰᠠᠶᠢᠲᠤᠷ ᠬᠡᠷᠡᠭᠯᠡᠵᠦ᠂ ᠭᠡᠲᠦ ᠤᠷᠲᠤ ᠬᠤᠭᠤᠴᠠᠭᠠᠨ ᠤ ᠵᠢᠭᠡᠯᠡᠯᠭᠡ ᠵᠡᠷᠭᠡ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢ ᠴᠢᠩᠭᠠᠳᠬᠠᠵᠤ᠂ ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠲᠡᠮᠵᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠣᠷᠣᠭᠤᠯᠤᠯᠲᠠ ᠶᠢᠨ ᠬᠦᠷᠢᠶᠡᠨ ᠳᠤ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠠᠪᠤᠭᠤᠯᠬᠤ᠂ ᠲᠥᠰᠥᠯ ᠢ ᠬᠢᠨᠠᠨ ᠬᠠᠷᠭᠤᠭᠤᠯᠬᠤ ᠡᠷᠬᠡ ᠶᠢ ᠳᠣᠷᠣᠭᠰᠢ ᠪᠠᠭᠤᠯᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠰᠠᠯᠠᠭ᠎ᠠ ᠮᠥᠴᠢᠷ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠲᠥᠰᠥᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠷᠠᠳ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢ ᠳᠡᠮᠵᠢᠬᠦ ᠪᠠ ᠵᠣᠷᠢᠭᠵᠢᠭᠤᠯᠵᠤ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠨᠡᠩ ᠤᠯᠠᠨ ᠠᠷᠠᠳ ᠤᠨ ᠬᠥᠷᠥᠩᠭᠡ ᠶᠢ ᠬᠥᠲᠥᠯᠥᠨ ᠵᠢᠯᠤᠭᠤᠳᠴᠤ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠠᠷᠠᠳ ᠤᠨ ᠬᠥᠷᠥᠩᠭᠡ ᠶᠢ ᠨᠠᠩ ᠶᠡᠭᠡ ᠬᠥᠭᠵᠢᠯᠲᠡ ᠶᠢᠨ ᠣᠷᠣᠨ ᠵᠠᠢ ᠲᠠᠢ ᠪᠣᠯᠭᠠᠨ᠎ᠠ᠃       ︵ᠬᠤᠶᠠᠷ︶ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠂ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ ᠰᠢᠨ᠎ᠡ ᠬᠥᠳᠡᠯᠭᠡᠭᠴᠢ ᠡᠨᠧᠷᠭᠢ ᠶᠢᠨ ᠬᠤᠷᠠᠮᠳᠤᠨ ᠵᠤᠵᠠᠭᠠᠷᠠᠵᠤ ᠬᠦᠴᠦᠷᠬᠡᠭᠵᠢᠬᠦ ᠪᠠ ᠤᠯᠠᠮᠵᠢᠯᠠᠯᠲᠤ ᠬᠥᠳᠡᠯᠭᠡᠭᠴᠢ ᠡᠨᠧᠷᠭᠢ ᠶᠢᠨ ᠰᠢᠨᠡᠳᠦᠨ ᠳᠡᠰ ᠳᠡᠪᠰᠢᠬᠦ ᠶᠢ ᠠᠬᠢᠭᠤᠯᠤᠨ᠎ᠠ᠃       ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠢ ᠪᠠᠶᠢᠳᠠᠯ ᠢ ᠶᠡᠭᠡ ᠬᠡᠪᠴᠢᠶ᠎ᠡ ᠪᠠᠷ ᠬᠡᠷᠡᠭᠯᠡᠬᠦ ᠵᠢᠱᠢᠶ᠎ᠡ ᠦᠵᠡᠭᠦᠯᠭᠦ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠮᠤᠷ ᠲᠦᠪᠰᠢᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠢᠷᠡᠭᠡᠳᠦᠢ ᠶᠢᠨ ᠠᠵᠤ ᠦᠢᠯᠡᠰ ᠤᠨ ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠠᠮᠢᠳᠤ ᠪᠣᠳᠠᠰ ᠤᠨ ᠦᠢᠯᠡᠳᠬᠦ ᠦᠢᠯᠡᠰ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ EAI᠂ 6G ᠵᠡᠷᠭᠡ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ᠎ᠠ᠃ ᠲᠡᠷᠢᠭᠦᠨ ᠤ ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠭᠡᠯᠪᠡᠷᠢ ᠶᠢᠨ ᠦᠢᠯᠡᠳᠬᠦ ᠦᠢᠯᠡᠰ ᠢ ᠲᠦᠷᠭᠡᠯᠡᠨ ᠬᠥᠭᠵᠢᠭᠦᠯᠦᠨ᠎ᠡ᠃ ᠠᠵᠤ ᠦᠢᠯᠡᠰ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠬᠥᠭᠵᠢᠬᠦ ᠪᠠ ᠰᠠᠶᠢᠨ ᠥᠷᠢᠰᠦᠯᠳᠦᠭᠡᠨ ᠢ ᠠᠬᠢᠭᠤᠯᠤᠨ᠎ᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠨ᠎ᠡ᠃ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠵᠤ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠩᠬᠠᠨ ᠤ ᠡᠭᠦᠳᠦᠯᠲᠡ ᠶᠢᠨ ᠴᠢᠨᠠᠷᠲᠠᠢ ᠰᠠᠭᠤᠷᠢ ᠰᠠᠶᠢᠲᠠᠢ ᠠᠵᠤ ᠠᠬᠤᠶᠢᠯᠠᠯ᠂ ᠪᠠᠳᠠᠷᠠᠩᠭᠤᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠨᠠᠩ ᠣᠯᠠᠨ ᠠᠵᠤ ᠠᠬᠤᠶᠢᠯᠠᠯ ᠢ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠳᠤ ︽ᠬᠤᠷᠳᠤᠳᠬᠠᠯ︾ ᠲᠠᠢ ᠪᠣᠯᠭᠠᠨ᠎ᠠ᠃       ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠶᠢ ᠠᠬᠢᠭᠤᠯᠤᠨ᠎ᠠ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠨ᠎ᠠ᠃ ᠤᠯᠠᠮ ᠨᠢᠭᠡ ᠠᠯᠬᠤᠮ ᠬᠡᠪᠴᠢᠶ᠎ᠡ ᠶᠢ ᠥᠷᠭᠡᠳᠬᠡᠨ᠂ ᠪᠠᠷᠢᠮᠵᠢᠶ᠎ᠠ ᠶᠢ ᠪᠠᠭᠤᠷᠠᠭᠤᠯᠵᠤ᠂ ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠶᠡᠭᠡ ᠬᠡᠪᠴᠢᠶᠡᠨ ᠤ ᠪᠡᠯᠡᠳᠬᠡᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠦᠢᠯᠡᠳᠬᠦ ᠦᠢᠯᠡᠰ ᠤᠨ ᠭᠡᠯᠪᠡᠷᠢ ᠶᠢ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ ᠠᠵᠢᠯ ᠲᠥᠷᠥᠯ ᠢ ᠣᠶᠢᠯᠠᠭᠠᠬᠤ ᠮᠥᠷᠲᠡᠭᠡᠨ ᠳ᠋ᠢᠵᠢᠲ᠋ᠠᠯᠴᠢᠯᠠᠯᠳᠠ ᠶᠢ ᠣᠶᠢᠯᠠᠭᠠᠬᠤ ᠦᠢᠯᠡᠴᠢᠯᠡᠭᠡᠨ ᠤ ᠬᠤᠳᠠᠯᠳᠤᠭᠠᠴᠢᠨ ᠢ ᠨᠢᠭᠡ ᠪᠦᠯᠦᠭ ᠪᠤᠶᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠭᠡᠯᠪᠡᠷᠢ ᠪᠠᠨ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠳᠤ ᠦᠵᠡᠭᠦᠯᠭᠦ ᠳᠡᠮᠵᠢᠯᠭᠡ ᠪᠠᠨ ᠨᠡᠮᠡᠭᠳᠡᠭᠦᠯᠦᠨ᠎ᠡ᠃ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠬᠥᠲᠥᠯᠥᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠦᠢᠯᠡᠳᠬᠦ ᠦᠢᠯᠡᠰ ᠤᠨ ︽ᠲᠥᠷᠥᠯ ᠵᠦᠢᠯ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠨᠠᠷᠠᠲᠤ ᠲᠡᠮᠳᠡᠭ ᠢ ᠡᠭᠦᠳᠬᠦ︾ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠦᠭᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠠᠲᠤ ᠪᠦᠲᠦᠭᠡᠭᠳᠡᠬᠦᠨ ᠰᠣᠳᠣᠨ ᠪᠦᠲᠦᠭᠡᠭᠳᠡᠬᠦᠨ᠂ ᠰᠣᠩᠭᠤᠳᠠᠭ ᠠᠵᠤ ᠦᠢᠯᠡᠰ ᠢ ᠪᠤᠶ ᠪᠣᠯᠭᠠᠨ᠎ᠠ᠃       ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠵᠣᠬᠢᠶᠠᠮᠠᠯ ᠣᠶᠤᠯᠢᠬ +︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳ᠋ᠢᠵᠢᠲ᠋ᠠᠯ ᠮᠡᠷᠭᠡᠵᠢᠯ ᠢ ᠦᠢᠯᠡᠳᠬᠦ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠯᠤᠭ᠎ᠠ ᠨᠠᠩ ᠰᠠᠶᠢᠲᠤᠷ ᠤᠶᠠᠯᠳᠤᠭᠤᠯᠵᠤ᠂ ᠲᠣᠮᠣ ᠵᠠᠭᠪᠤᠷ ᠢ ᠥᠷᠭᠡᠨ ᠢᠶᠠᠷ ᠬᠡᠷᠡᠭᠯᠡᠬᠦ ᠶᠢ ᠳᠠᠮᠵᠢᠵᠤ᠂ ᠣᠶᠤᠨᠴᠢ ᠰᠦᠯᠵᠢᠶᠡᠨ ᠬᠤᠯᠪᠤᠯᠳᠤᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠵᠣᠬᠢᠶᠠᠮᠠᠯ ᠤᠶᠤᠯᠢᠬ ᠭᠠᠷ ᠤᠲᠠᠰᠤ ᠪᠠ ᠺᠤᠮᠫᠢᠦ᠋ᠲ᠋ᠧᠷ᠂ ᠤᠶᠤᠯᠢᠬ ᠮᠠᠰᠢᠨ ᠬᠥᠮᠥᠨ ᠵᠡᠷᠭᠡ ᠰᠢᠨ᠎ᠡ ᠨᠢᠭᠡ ᠦᠶ᠎ᠡ ᠶᠢᠨ ᠤᠶᠤᠯᠢᠬ ᠦᠵᠦᠭᠦᠷ ᠵᠢᠴᠢ ᠤᠶᠤᠯᠢᠬ ᠦᠢᠯᠡᠳᠬᠦ ᠲᠣᠨᠣᠭᠯᠠᠯ ᠢ ᠶᠡᠭᠡ ᠪᠠᠷ ᠬᠥᠭᠵᠢᠭᠦᠯᠦᠨ᠎ᠡ᠃ 5G ᠶᠢ ᠬᠡᠪᠴᠢᠶᠡᠵᠢᠭᠦᠯᠦᠨ ᠬᠡᠷᠡᠭᠯᠡᠬᠦ ᠶᠢ ᠥᠷᠭᠡᠳᠬᠡᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠵᠦ᠂ ᠪᠦᠭᠦ ᠤᠯᠤᠰ ᠤᠨ ᠪᠤᠳᠤᠬᠤ ᠬᠦᠴᠦᠨ ᠤ ᠡᠬᠢ ᠪᠠᠶᠠᠯᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ᠃ ᠳ᠋ᠠᠶᠢᠲ᠋ᠠ ᠶᠢᠨ ᠰᠠᠭᠤᠷᠢ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠦᠨᠵᠡᠭᠡᠶᠢᠷᠡᠭᠦᠯᠵᠦ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠶᠢ ᠠᠬᠢᠭᠤᠯᠬᠤ ᠪᠠ ᠵᠢᠷᠤᠮᠵᠢᠭᠤᠯᠤᠨ᠎ᠠ᠃ ᠲᠠᠪᠴᠠᠩ ᠤᠨ ᠠᠵᠤ ᠠᠬᠤᠢ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠡᠭᠦᠨ ᠤ ᠰᠢᠨ᠎ᠡ ᠶᠢ ᠡᠭᠦᠳᠬᠦ ᠶᠢ ᠠᠬᠢᠭᠤᠯᠬᠤ᠂ ᠬᠡᠷᠡᠭᠯᠡᠭᠡ ᠶᠢ ᠥᠷᠭᠡᠳᠬᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃       ︵ᠭᠤᠷᠪᠠ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠨ᠎ᠠ᠃       ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢ ᠪᠤᠢ ᠪᠤᠯᠭᠠᠵᠤ ᠬᠥᠮᠥᠨ ᠢ ᠬᠥᠮᠥᠵᠢᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠬᠡᠷᠡᠭᠵᠢᠭᠦᠯᠵᠦ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠦ ᠶᠢᠨ ᠬᠢᠴᠢᠶᠡᠯ ᠢ ᠨᠢᠭᠡ ᠴᠣᠭᠴᠠᠵᠢᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠬᠥᠮᠥᠨ ᠠᠮᠠ ᠶᠢᠨ ᠬᠤᠪᠢᠷᠠᠯᠲᠠ ᠯᠤᠭ᠎ᠠ ᠵᠣᠬᠢᠴᠠᠭᠰᠠᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠣᠷᠣᠨ ᠲᠤᠭ᠎ᠠ ᠶᠢᠨ ᠬᠠᠩᠭᠠᠯᠭ᠎ᠠ ᠶᠢ ᠥᠷᠭᠡᠳᠬᠡᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠦᠢᠳᠬᠡᠯ ᠦᠯᠤ ᠬᠤᠷᠢᠶᠠᠬᠤ ᠰᠤᠷᠭᠠᠨ ᠬᠥᠮᠦᠵᠢᠯ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠂ ᠲᠤᠰᠬᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠨᠡᠪᠲᠡᠷᠡᠭᠦᠯᠬᠦ᠂ ᠦᠢᠯᠡᠳᠪᠦᠷᠢᠯᠡᠯ ᠪᠣᠯᠣᠨ ᠬᠢᠴᠢᠶᠡᠯ ᠬᠥᠮᠦᠵᠢᠯ ᠢ ᠠᠭᠤᠰᠤᠯᠴᠠᠭᠤᠯᠤᠨ ᠬᠠᠮᠲᠤᠷᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠰᠢᠯᠢᠳᠡᠭ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠭᠡᠨ ᠤ ᠰᠠᠯᠠᠭ᠎ᠠ ᠶᠢ ᠪᠠᠶᠢᠭᠤᠯᠵᠤ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠢ ᠢᠳᠡᠪᠬᠢᠲᠡᠢ ᠥᠷᠨᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠲᠦᠭᠡᠮᠡᠯᠵᠢᠭᠦᠯᠵᠦ᠂ ᠪᠠᠭᠰᠢ ᠰᠤᠷᠤᠬᠴᠢ ᠶᠢᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ᠎ᠠ᠃ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠠ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠤᠯᠤᠰ ᠤᠨ ᠬᠡᠷᠡᠭᠴᠡᠭᠡ ᠪᠣᠯᠣᠨ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠶᠢ ᠲᠦᠷᠭᠡᠳᠬᠡᠬᠦ ᠬᠡᠷᠡᠭᠲᠡᠢ᠃       ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠬᠤᠰᠢᠭᠤᠷᠠᠯ ᠤᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠰᠥᠯ ᠢ ᠲᠦᠷᠭᠡᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠷᠢᠳᠴᠢᠯᠠᠨ ᠪᠠᠶᠢᠷᠢᠯᠠᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠰᠢᠨ᠎ᠡ ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠴᠤᠷᠠᠭᠯᠠᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢ ᠰᠠᠭᠤᠷᠢ ᠰᠤᠳᠤᠯᠭᠠᠨ ᠲᠡᠶᠢᠰᠢ ᠬᠡᠯᠪᠠᠶᠢᠯᠭᠡᠬᠦ ᠶᠢ ᠠᠬᠢᠭᠤᠯᠵᠤ᠂ ᠥᠷᠢᠰᠦᠯᠳᠦᠭᠡᠨᠲᠦ ᠳᠡᠮᠵᠢᠯᠭᠡ ᠪᠠ ᠲᠣᠭᠲᠠᠭᠤᠨ ᠳᠡᠮᠵᠢᠯᠭᠡ ᠶᠢ ᠤᠶᠠᠯᠳᠤᠭᠤᠯᠤᠭᠰᠠᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠲᠣᠯᠣᠭᠠᠶᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠤᠯᠭᠠᠬᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠳᠣᠯᠭ᠎ᠠ ᠲᠣᠭᠲᠠᠭᠠᠬᠤ ᠳᠤ ᠣᠷᠤᠯᠴᠠᠬᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠰᠥᠯ ᠢ ᠡᠭᠦᠷᠭᠡᠯᠡᠬᠦ ᠶᠢ ᠪᠠᠶᠢᠭᠤᠯᠤᠯ ᠤᠨ ᠲᠠᠯ᠎ᠠ ᠠᠴᠠ ᠪᠠᠲᠤᠯᠠᠨ᠎ᠠ᠃ ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠬᠡᠷᠡᠭᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠪᠦᠷᠢᠨᠰᠢᠭᠦᠯᠵᠦ᠂ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠪᠠ ᠪᠡᠯᠡ ᠬᠥᠷᠥᠩᠭᠡ ᠶᠢ ᠠᠰ ᠲᠤᠨᠢ ᠵᠢᠭᠰᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ᠤᠬᠠᠭᠳᠠᠬᠤᠨ ᠢ ᠰᠢᠯᠭᠠᠨ ᠨᠤᠲᠠᠯᠠᠬᠤ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠪᠠ ᠠᠵᠢᠯ ᠲᠥᠷᠥᠯ ᠤᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠢᠯᠭᠠᠭᠠᠵᠢᠭᠤᠯᠤᠬᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠲᠦᠷᠭᠡᠯᠡᠨ ᠬᠥᠭᠵᠢᠭᠦᠯᠵᠦ᠂ ᠬᠦᠯᠢᠴᠡᠩᠭᠦᠢ ᠬᠥᠷᠥᠩᠭᠡ ᠶᠢ ᠲᠦᠷᠭᠡᠯᠡᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠥᠷᠭᠡᠳᠬᠡᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠨ ᠰᠦᠪᠡᠭᠴᠢᠯᠡᠬᠦ ᠶᠢ ᠵᠣᠷᠢᠭᠵᠢᠭᠤᠯᠬᠤ᠂ ᠢᠯᠠᠭᠳᠠᠯ ᠢ ᠪᠠᠭᠲᠠᠭᠠᠨ ᠠᠭᠤᠴᠢᠯᠠᠬᠤ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠤᠯᠭᠠᠬᠤ ᠶᠢ ᠠᠬᠢᠭᠤᠯᠤᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ