2025 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 7
ᠨᠡᠶᠢᠲᠡᠯᠡᠭᠰᠡᠨ ᠴᠠᠭ᠄
2025/3/17
       ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ᠪᠠᠭ᠎ᠠ ᠠᠲᠠᠯ᠎ᠠ ᠰᠠᠶᠢᠬᠠᠨ︾ ᠠᠷᠠᠳ ᠤᠨ ᠠᠮᠢᠳᠤᠷᠠᠯ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠭᠦ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ ᠶᠢᠨ ᠲᠣᠭᠲᠠᠭᠤᠨ ᠪᠥᠭᠡᠳ ᠰᠠᠭᠠᠳ ᠦᠭᠡᠢ ᠠᠵᠢᠯᠯᠠᠭᠠᠨ ᠢ ᠪᠠᠲᠤᠯᠠᠵᠤ᠂ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠳᠠᠭᠠᠳᠤ ᠳᠠᠬᠢ ᠪᠡᠯᠡ ᠣᠷᠣᠭᠤᠯᠤᠯᠳᠡ ᠶᠢᠨ ᠡᠷᠡᠭᠦᠯ ᠪᠥᠭᠡᠳ ᠠᠮᠤᠷ ᠲᠦᠪᠰᠢᠨ ᠢᠶᠠᠷ ᠡᠮᠬᠢ ᠵᠢᠷᠤᠮ ᠲᠠᠢ ᠬᠥᠭᠵᠢᠬᠦ ᠶᠢ ᠬᠥᠲᠥᠯᠥᠨ ᠵᠢᠯᠤᠭᠤᠳᠴᠤ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ ᠵᠡᠷᠭᠡ ᠶᠢᠨ ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠯᠠᠨ ᠤᠯᠤᠰ ᠤᠨ ᠬᠠᠮᠲᠤᠷᠠᠯᠴᠠᠭᠠᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃       ᠤᠯᠠᠨ ᠲᠠᠯᠠᠲᠤ ᠬᠤᠶᠠᠷ ᠲᠠᠯᠠᠲᠤ ᠠᠵᠤ ᠠᠬᠤᠢ ᠶᠢᠨ ᠬᠠᠮᠲᠤᠷᠠᠯᠴᠠᠭ᠎ᠠ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠦᠷᠭᠦᠯᠵᠢᠯᠡᠨ ᠥᠷᠭᠡᠳᠬᠡᠵᠦ᠂ ᠳᠤᠮᠳᠠᠳᠤ ᠤᠯᠤᠰ - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ ᠲᠡᠰ ᠳᠡᠪᠰᠢᠭᠰᠡᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠠᠬᠢᠭᠤᠯᠵᠤ᠂ ︽ᠳ᠋ᠢᠵᠢᠲ᠋ᠠᠯ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠪᠠ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠡᠯᠡᠶ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠠᠬᠢᠴᠠ ᠶᠢ ᠢᠳᠡᠪᠬᠢᠲᠡᠢ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯᠯᠠᠭᠤᠯᠤᠭᠰᠠᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠡᠯ᠎ᠡ ᠤᠯᠤᠰ ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃       ︵ᠵᠢᠷᠭᠤᠭ᠎ᠠ︶ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠭᠦᠯᠬᠦ ᠶᠠᠪᠤᠴᠠ ᠳᠤ ᠠᠶᠤᠯ ᠲᠦᠭᠰᠢᠭᠦᠷᠢ ᠶᠢ ᠠᠯᠬᠤᠮ ᠠᠯᠬᠤᠮ ᠢᠶᠠᠷ ᠠᠷᠢᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠦᠨ᠎ᠡ᠃       ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠤᠷᠤᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠵᠤ᠂ ᠬᠤᠲᠠ ᠶᠢᠨ ᠳᠣᠲᠣᠷᠠᠬᠢ ᠲᠣᠰᠬᠤᠨ ᠪᠣᠯᠣᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠬᠦᠴᠦᠯᠡᠨ ᠬᠡᠷᠡᠭᠵᠢᠭᠦᠯᠵᠦ᠂ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠰᠤᠯᠠᠯᠠᠨ ᠭᠠᠷᠭᠠᠨ᠎ᠠ᠃ ᠬᠤᠲᠠ ᠶᠢᠨ ᠣᠷᠣᠨ ᠵᠠᠢ ᠶᠢᠨ ᠪᠦᠲᠦᠴᠡ ᠪᠠ ᠭᠠᠵᠠᠷ ᠰᠢᠷᠣᠢ ᠠᠰᠢᠭᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠰᠢᠨ᠎ᠡ ᠪᠠᠷ ᠨᠡᠮᠡᠭᠳᠡᠭᠦᠯᠬᠦ ᠶᠢ ᠵᠦᠢ ᠵᠣᠬᠢᠰᠲᠠᠢ ᠬᠢᠵᠠᠭᠠᠷᠯᠠᠨ᠎ᠠ᠃ ᠬᠠᠳᠠᠭᠠᠯᠠᠯᠲᠠ ᠬᠡᠷᠡᠭᠯᠡᠬᠦ ᠭᠠᠵᠠᠷ ᠪᠠ ᠬᠤᠳᠠᠯᠳᠤᠭ᠎ᠠ ᠡᠷᠭᠢᠯᠡᠭᠦ ᠠᠯᠪᠠᠯᠠᠬᠤ ᠳᠤ ᠬᠡᠷᠡᠭᠯᠡᠬᠦ ᠭᠡᠷ ᠪᠠᠶᠢᠰᠢᠩ ᠢ ᠠᠮᠢᠳᠤᠯᠢᠭ ᠪᠤᠯᠭᠠᠵᠤ᠂ ᠬᠠᠳᠠᠭᠠᠯᠠᠯᠲᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠶᠢ ᠠᠬᠢᠭᠤᠯᠵᠤ᠂ ᠬᠤᠳᠠᠯᠳᠤᠨ ᠠᠪᠬᠤ ᠪᠡᠶᠡᠴᠢ ᠴᠣᠭᠴᠠ᠂ ᠦᠨ᠎ᠡ ᠬᠠᠩᠰᠢ ᠪᠠ ᠬᠡᠷᠡᠭᠴᠡᠭᠡᠨ ᠤ ᠲᠠᠯ᠎ᠠ ᠪᠠᠷ ᠬᠤᠲᠠ ᠶᠢᠨ ᠵᠠᠰᠠᠭ ᠤᠨ ᠣᠷᠳᠣᠨ ᠳᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠭᠢᠨ ᠵᠢᠭᠡᠯᠡᠯᠭᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠭᠡᠷ ᠪᠠᠶᠢᠰᠢᠩ ᠢ ᠪᠠᠲᠤᠲᠠᠢ ᠲᠤᠰᠢᠶᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠥᠷᠢ ᠥᠭᠴᠡᠭᠡ ᠶᠢᠨ ᠭᠡᠷ᠎ᠡ ᠵᠥᠷᠢᠴᠡᠬᠦ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠶᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠤᠨ᠎ᠠ᠃ ᠠᠷᠠᠳ ᠣᠯᠠᠨ ᠤ ᠥᠨᠳᠥᠷ ᠴᠢᠨᠠᠷ ᠴᠢᠨᠰᠠᠭ᠎ᠠ ᠪᠦᠬᠦᠢ ᠣᠷᠣᠰᠢᠨ ᠰᠠᠭᠤᠬᠤ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠨᠣᠭᠤᠭᠠᠨ᠂ ᠣᠶᠤᠨᠴᠢ ︽ᠰᠠᠶᠢᠨ ᠪᠠᠶᠢᠰᠢᠩ︾ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃       ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠲᠣᠬᠢᠲᠠᠢ ᠠᠷᠢᠯᠭᠠᠨ᠎ᠠ᠃ ᠬᠥᠭᠵᠢᠭᠦᠯᠬᠦ ᠳᠤᠮᠳᠠ ᠥᠷᠢ ᠶᠢ ᠰᠢᠢᠳᠪᠦᠷᠢᠯᠡᠬᠦ᠂ ᠥᠷᠢ ᠶᠢ ᠰᠢᠢᠳᠪᠦᠷᠢᠯᠡᠬᠦ ᠳᠤᠮᠳᠠ ᠬᠥᠭᠵᠢᠭᠦᠯᠬᠦ ᠶᠢ ᠪᠠᠷᠢᠮᠲᠠᠯᠠᠵᠤ᠂ ᠥᠷᠢ ᠶᠢ ᠰᠢᠢᠳᠪᠦᠷᠢᠯᠡᠬᠦ ᠬᠠᠮ ᠲᠥᠰᠥᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠥᠷᠢ ᠥᠭᠴᠡᠭᠡ ᠶᠢᠨ ᠲᠦᠭᠰᠢᠭᠦᠷᠢ ᠶᠡᠬᠡᠲᠡᠢ ᠭᠠᠵᠠᠷ ᠣᠷᠣᠨ ᠤ ᠨᠡᠷᠡᠰ ᠢ ᠬᠥᠳᠡᠯᠦᠩᠭᠦᠢ ᠪᠠᠷ ᠲᠣᠬᠢᠷᠠᠭᠤᠯᠵᠤ᠂ ᠪᠡᠯᠡ ᠣᠷᠣᠭᠤᠯᠤᠯᠲᠠ ᠶᠢᠨ ᠰᠢᠨ᠎ᠡ ᠣᠷᠣᠨ ᠵᠠᠢ ᠨᠡᠭᠡᠭᠡᠬᠦ ᠶᠢ ᠳᠡᠮᠵᠢᠨ᠎ᠡ᠃ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠨᠠᠷᠢᠯᠢᠭ ᠣᠨᠣᠴᠠᠲᠠᠢ ᠪᠠᠷ ᠰᠣᠯᠢᠬᠤ ᠵᠠᠷᠴᠢᠮ ᠤᠨ ᠶᠣᠰᠣᠭᠠᠷ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠣᠯᠢᠬᠤ ᠠᠵᠢᠯ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠬᠥᠭᠰᠡᠯ ᠢ ᠡᠷᠡᠰ ᠬᠤᠷᠢᠭᠯᠠᠨ᠎ᠠ᠃ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠴᠢᠳᠠᠮᠵᠢ ᠶᠢ ᠲᠦᠷᠭᠡᠯᠡᠨ ᠰᠠᠯᠭᠠᠵᠤ᠂ ᠵᠠᠬ᠎ᠠ ᠳᠡᠯᠭᠡᠭᠦᠷᠴᠢᠯᠡᠨ ᠭᠡᠯᠪᠡᠷᠢ ᠪᠠᠨ ᠬᠤᠪᠢᠷᠠᠭᠤᠯᠬᠤ ᠪᠠ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠤᠨ᠎ᠠ᠃       ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ᠎ᠡ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠤᠨ ᠶᠣᠰᠣᠭᠠᠷ᠂ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠷᠥᠩᠭᠡ ᠮᠥᠩᠭᠦ ᠶᠢ ᠨᠥᠬᠦᠪᠦᠷᠢᠯᠡᠬᠦ᠂ ᠨᠡᠶᠢᠯᠡᠭᠦᠯᠦᠨ ᠳᠠᠭᠢᠨ ᠵᠣᠬᠢᠶᠠᠨ ᠪᠠᠶᠢᠭᠤᠯᠬᠤ᠂ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠠᠶᠤᠯ ᠲᠦᠭᠰᠢᠭᠦᠷᠢ ᠶᠢ ᠲᠥᠷᠥᠯ ᠬᠤᠪᠢᠶᠠᠨ ᠠᠷᠢᠯᠭᠠᠨ᠎ᠠ᠃ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠭᠠᠭᠠᠵᠢᠭᠤᠯᠤᠬᠰᠠᠨ᠂ ᠠᠭᠤᠯᠤᠭᠳᠠᠬᠤᠨ ᠤ ᠬᠡᠯᠪᠡᠷᠢᠲᠦ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠥᠪ ᠤᠨ ᠪᠠ ᠣᠷᠣᠨ ᠨᠤᠲᠤᠭ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠥᠨᠳᠥᠷ ᠳᠠᠷᠤᠯᠲᠠ ᠦᠵᠡᠭᠦᠯᠵᠦ ᠴᠢᠩᠭ᠎ᠠ ᠴᠣᠬᠢᠯᠲᠠ ᠥᠭᠬᠦ ᠪᠠᠶᠢᠳᠠᠯ ᠢ ᠪᠠᠲᠤᠯᠠᠨ᠎ᠠ᠃ ᠬᠠᠳᠠᠭᠠᠯᠠᠮᠵᠢ ᠶᠢᠨ ᠳᠠᠭᠠᠳᠬᠠᠯ ᠤᠨ ᠰᠠᠭᠤᠷᠢ ᠮᠥᠩᠭᠦ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠲᠦᠭᠰᠢᠭᠦᠷᠢ ᠶᠢ ᠠᠷᠢᠯᠭᠠᠬᠤ ᠡᠬᠢ ᠪᠠᠶᠠᠯᠢᠭ ᠢ ᠲᠡᠭᠦᠯᠳᠡᠷᠵᠢᠭᠦᠯᠦᠨ᠎ᠡ᠃ ᠭᠠᠳᠠᠭᠠᠳᠤ ᠠᠶᠤᠯ ᠲᠦᠭᠰᠢᠭᠦᠷᠢ ᠶᠢᠨ ᠳᠠᠭᠠᠷᠢᠯᠲᠠ ᠶᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠨ᠎ᠠ᠃       ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃       ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢᠨ ᠲᠠᠯ᠎ᠠ ᠪᠠᠷ ᠭᠤᠣᠯᠯᠠᠨ ᠰᠢᠪᠲᠤᠯᠤᠯᠲᠠ ᠬᠢᠨ᠎ᠡ᠃ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠣᠰᠣᠯᠢᠭ ᠲᠠᠷᠢᠮᠠᠯ ᠤᠨ ᠭᠠᠷᠤᠯᠲᠠ ᠶᠢ ᠥᠷᠭᠡᠳᠬᠡᠬᠦ ᠳᠠᠯᠳᠠ ᠬᠦᠴᠦᠨ ᠢ ᠠᠭᠤᠳᠠᠯᠤᠨ᠎ᠠ᠃ ᠬᠥᠪᠥᠩ ᠰᠢᠬᠢᠷ ᠭᠤᠮ ᠵᠡᠷᠭᠡ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠭᠦ ᠶᠢ ᠠᠬᠢᠭᠤᠯᠤᠨ᠎ᠠ᠃ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ ᠳᠡᠮᠵᠢᠵᠦ᠂ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠶᠢ ᠲᠠᠮᠵᠢᠵᠦ᠂ ᠢᠳᠡᠭᠡᠨ ᠤ ᠡᠬᠢ ᠪᠠᠶᠠᠯᠢᠭ ᠢ ᠪᠦᠭᠦ ᠲᠠᠯ᠎ᠠ ᠪᠠᠷ ᠨᠡᠭᠡᠭᠡᠨ ᠬᠥᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠮᠢᠶᠠᠷᠴᠤ ᠬᠠᠮᠠᠭᠠᠯᠠᠬᠤ᠂ ᠠᠰᠢᠭᠯᠠᠬᠤ ᠶᠢ ᠴᠢᠨᠠᠷ ᠰᠠᠶᠢᠲᠠᠢ ᠠᠬᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠣᠯᠣᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠠᠭᠤᠳᠠᠭᠰᠠᠨ ᠲᠠᠷᠢᠶᠠᠨ ᠭᠠᠵᠠᠷ ᠤᠨ ᠵᠠᠰᠠᠯᠲᠠ ᠶᠢ ᠠᠬᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠲᠡᠷᠢᠭᠦᠨ ᠤ ᠪᠥᠭᠡᠳ ᠬᠡᠷᠡᠭᠯᠡᠭᠡᠨ ᠳᠤ ᠲᠣᠬᠢᠷᠠᠬᠤ ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ ᠬᠡᠷᠡᠭᠯᠡᠬᠦ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠶᠡᠭᠡ ᠬᠡᠪᠴᠢᠶ᠎ᠡ ᠪᠠᠷ ᠳᠡᠯᠭᠡᠷᠡᠭᠦᠯᠬᠦ ᠶᠢ ᠲᠦᠷᠭᠡᠳᠬᠡᠨ᠎ᠡ᠃ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠤᠨ᠎ᠠ᠃ ᠲᠥᠪ ᠤᠨ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠠᠰᠢᠭ ᠲᠤᠰᠠ ᠶᠢ ᠬᠥᠨᠳᠡᠯᠡᠨ ᠢᠶᠠᠷ ᠨᠥᠬᠦᠪᠦᠷᠢᠯᠡᠬᠦ ᠠᠵᠢᠯ ᠢ ᠡᠬᠢᠯᠡᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠦᠵᠡᠭᠦᠯᠭᠦ ᠳᠡᠮᠵᠢᠯᠭᠡ ᠪᠠᠨ ᠨᠡᠮᠡᠭᠳᠡᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠢᠳᠡᠪᠬᠢᠵᠢᠯ ᠢ ᠬᠠᠮᠠᠭᠠᠯᠠᠨ᠎ᠠ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠵᠦ᠂ ᠬᠠᠮᠲᠤ ᠪᠠᠷ ᠢᠶᠠᠨ ᠬᠤᠭᠤᠯᠠ ᠬᠦᠨᠡᠰᠦ ᠶᠢ ᠨᠡᠩ ᠰᠠᠶᠢᠲᠤᠷ ᠪᠠᠲᠤᠯᠠᠬᠤ ᠬᠡᠷᠡᠭᠲᠡᠢ᠃       ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠪᠠᠬᠢᠵᠢᠭᠦᠯᠦᠨ ᠥᠷᠭᠡᠳᠬᠡᠨ᠎ᠡ᠃ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ︽ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ ᠪᠠ ᠢᠳᠡᠬᠦ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠢ ᠪᠠᠷ ᠳᠠᠭᠢᠨ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠴᠢᠩᠭᠠᠳᠬᠠᠵᠤ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠤᠯᠤᠰ ᠤᠨ ᠣᠷᠣᠭᠤᠯᠤᠯᠲᠠ ᠠᠴᠠ ᠪᠦᠷᠢᠯᠳᠦᠭᠰᠡᠨ ᠪᠡᠯᠡ ᠬᠥᠷᠥᠩᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ ᠲᠤᠰᠬᠤᠨ ᠤ ᠲᠠᠭᠢᠨ ᠶᠠᠳᠠᠭᠤᠷᠠᠬᠤ ᠪᠠ ᠶᠠᠳᠠᠭᠤᠷᠠᠬᠤ ᠠᠴᠠ ᠰᠡᠷᠭᠡᠶᠢᠯᠡᠬᠦ ᠲᠣᠭᠲᠠᠴᠠ ᠪᠣᠯᠣᠨ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ᠂ ᠬᠥᠭᠵᠢᠯᠲᠡ ᠪᠠᠭᠤᠷᠠᠢ ᠭᠠᠵᠠᠷ ᠣᠷᠣᠨ ᠢ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠤᠭᠰᠠᠨ ᠲᠤᠬᠠᠢ ᠶᠡᠷᠦᠩᠬᠡᠢ ᠦᠨᠡᠯᠡᠨ ᠵᠢᠱᠢᠯᠲᠡ ᠶᠢ ᠥᠷᠨᠢᠭᠦᠯᠵᠦ᠂ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃       ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠭᠢᠭᠠᠳ 30 ᠵᠢᠯ ᠤᠷᠲᠤᠳᠬᠠᠬᠤ ᠲᠤᠷᠰᠢᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠦᠬᠦᠯᠢ ᠮᠤᠵᠢ ᠶᠢᠨ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠨ᠎ᠡ᠃ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠬᠠᠮᠲᠤ ᠶᠢᠨ ᠤᠢ ᠮᠣᠳᠣᠨ ᠤ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠠᠷᠢᠶᠠᠯᠠᠩ ᠤᠨ ᠤᠰᠤᠨ ᠤ ᠦᠨ᠎ᠡ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠠᠭᠤᠯᠠ ᠬᠥᠳᠡᠭᠡ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠨᠤᠲᠤᠭ ᠤᠨ ᠪᠣᠯᠪᠠᠰᠤᠨ ᠵᠠᠩ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠪᠠ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ