2025 ᠪᠦᠬᠦ ᠤᠯᠤᠰ ᠤᠨ ᠬᠤᠶᠠᠷ ᠬᠤᠷᠠᠯ·ᠵᠠᠰᠠᠭ ᠤᠨ ᠤᠷᠳᠤᠨ ᠤ ᠠᠵᠢᠯ ᠤᠨ ᠢᠯᠡᠳᠬᠡᠯ 8
ᠨᠡᠶᠢᠲᠡᠯᠡᠭᠰᠡᠨ ᠴᠠᠭ᠄
2025/3/17
       ︵ᠨᠠᠢᠮᠠ︶ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠢᠶᠠᠷ ᠦᠨᠳᠦᠰᠦ ᠪᠣᠯᠭᠠᠨ ᠬᠤᠳᠠ ᠪᠠᠯᠭᠠᠰᠤᠵᠢᠯᠲᠠ ᠶᠢᠨ ᠶᠠᠰᠤ ᠴᠢᠨᠠᠷ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠶᠢ ᠪᠠᠷᠢᠮᠲᠠᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠯᠠᠭᠤᠯᠤᠯᠲᠠ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃       ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠲᠤᠨᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠪᠦᠭᠦ ᠲᠠᠯ᠎ᠠ ᠪᠠᠷ ᠠᠬᠢᠭᠤᠯᠵᠤ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠵᠤ᠂ ᠨᠡᠶᠢᠭᠡᠮ ᠤᠨ ᠳᠠᠭᠠᠳᠬᠠᠯ ᠳᠤ ᠣᠷᠤᠯᠴᠠᠬᠤ ᠠᠷᠭ᠎ᠠ ᠵᠠᠮ ᠢ ᠨᠢ ᠰᠢᠯᠤᠭᠤᠳᠬᠠᠨ᠎ᠠ᠃ ᠰᠢᠶᠠᠨ ᠤ ᠬᠤᠲᠠ ᠶᠢᠨ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢ ᠠᠭᠤᠰᠤᠯᠴᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠠ᠃ ᠣᠳᠣᠬᠢᠴᠢᠯᠠᠭᠰᠠᠨ ᠲᠣᠮᠣ ᠬᠤᠲᠠ ᠶᠢᠨ ᠴᠠᠭᠠᠷᠢᠭ ᠢ ᠬᠥᠭᠵᠢᠭᠦᠯᠵᠦ᠂ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠪᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠳᠣᠣᠷ᠎ᠠ ᠠᠰᠢᠭᠯᠠᠮᠵᠢᠲᠤ ᠭᠠᠵᠠᠷ ᠢ ᠳᠠᠭᠢᠨ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠵᠦ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠠᠷᠢᠯᠭᠠᠬᠤ ᠰᠢᠰᠲ᠋ᠧᠮ ᠢ ᠲᠦᠷᠭᠡᠯᠡᠨ ᠪᠦᠷᠢᠨᠰᠢᠭᠦᠯᠵᠦ᠂ ᠰᠢᠲᠠᠮᠠᠬᠠᠢ ᠬᠡᠢ᠂ ᠤᠰᠤ ᠬᠠᠩᠭᠠᠬᠤ ᠤᠰᠤ ᠵᠠᠯᠠᠬᠤ᠂ ᠢᠯᠴᠢ᠂ ᠭᠠᠵᠠᠷ ᠳᠣᠣᠷᠠᠬᠢ ᠳᠠᠮᠵᠢᠭᠤᠯᠬᠤ ᠬᠤᠭᠤᠯᠠᠢ ᠶᠢᠨ ᠬᠤᠩᠭᠢᠯ ᠵᠡᠷᠭᠡ ᠶᠢ ᠪᠦᠲᠦᠭᠡᠨ ᠪᠠᠶᠢᠭᠤᠯᠬᠤ ᠪᠠ ᠬᠠᠮᠵᠢᠯᠴᠠᠨ ᠬᠠᠮᠢᠶᠠᠷᠬᠤ ᠶᠢ ᠴᠢᠩᠭᠠᠳᠬᠠᠨ᠎ᠠ᠃ ᠳ᠋ᠢᠵᠢᠲ᠋ᠠᠯᠴᠢᠯᠠᠬᠰᠠᠨ᠂ ᠣᠶᠤᠨᠴᠢᠯᠠᠭᠰᠠᠨ ᠰᠠᠭᠤᠷᠢ ᠲᠥᠬᠦᠭᠡᠷᠦᠮᠵᠢ ᠶᠢ ᠬᠥᠭᠵᠢᠭᠦᠯᠵᠦ᠂ ᠰᠠᠭᠠᠳ ᠦᠭᠡᠢ ᠪᠥᠭᠡᠳ ᠨᠠᠰᠤᠵᠢᠬᠰᠠᠳ ᠲᠤ ᠲᠣᠬᠢᠷᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ ᠣᠶᠤᠨᠴᠢ ᠬᠤᠲᠠ ᠶᠢ ᠴᠣᠭᠴᠠᠯᠠᠨ ᠪᠠᠶᠢᠭᠤᠯᠤᠨ᠎ᠠ᠃       ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠳᠠᠪᠬᠤᠴᠠᠯ ᠨᠥᠯᠥᠭᠡᠯᠡᠯ ᠢ ᠪᠠᠳᠠᠷᠠᠭᠤᠯᠵᠤ᠂ ᠰᠢᠨ᠎ᠡ ᠨᠡᠮᠡᠭᠳᠡᠯ ᠤᠨ ᠲᠦᠢᠯ ᠢ ᠢᠳᠡᠪᠬᠢᠲᠡᠢ ᠪᠤᠶᠢᠵᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠲᠦᠷᠭᠡᠯᠡᠨ ᠮᠠᠨᠳᠤᠭᠤᠯᠤᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠰᠠᠴᠤᠷᠠᠭᠯᠠᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠵᠤ ᠠᠬᠤᠢ ᠶᠢᠨ ᠲᠣᠮᠣ ᠮᠤᠵᠢ ᠶᠢᠨ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ᠂ ᠡᠯᠧᠮᠧᠨ᠋ᠲ ᠢ ᠪᠠᠲᠤᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ ᠪᠤᠰᠤᠳ ᠭᠠᠵᠠᠷ ᠣᠷᠣᠨ ᠤ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠤᠨ᠎ᠠ᠃ ᠴᠧᠩᠳᠦ᠋ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠂ ᠵᠡᠭᠦᠨ ᠬᠤᠶᠢᠲᠤ ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠱᠠᠲᠤᠯᠠᠨ ᠰᠢᠯᠵᠢᠭᠦ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠤᠨ᠎ᠠ᠃ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠨ᠎ᠡ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠦᠭᠦ ᠤᠯᠤᠰ ᠤᠨ ᠳᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠤᠨ᠎ᠠ᠃       ︵ᠶᠢᠰᠦ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠣᠬᠢᠷᠳᠤᠯ ᠢ ᠪᠠᠭᠠᠰᠬᠠᠬᠤ ᠨᠣᠭᠤᠭᠠᠷᠠᠭᠤᠯᠤᠯᠲᠠ ᠶᠢ ᠥᠷᠭᠡᠳᠬᠡᠬᠦ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠶᠢᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠪᠣᠬᠢᠷᠳᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠶᠢ ᠨᠢᠭᠡᠳᠦᠯᠲᠡᠢ ᠲᠥᠯᠥᠪᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠴᠢ ᠡᠷᠴᠢᠮᠯᠢᠭ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠤᠨ᠎ᠠ᠃       ᠪᠣᠬᠢᠷᠳᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠰᠢᠨ᠎ᠡ ᠪᠣᠬᠢᠷᠲᠤᠭᠤᠯᠬᠤ ᠪᠣᠳᠠᠰ ᠢ ᠬᠠᠮᠵᠢᠯᠴᠠᠨ ᠵᠠᠰᠠᠬᠤ ᠪᠠ ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠲᠣᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠳᠠᠶᠢᠨ ᠤ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠨᠥᠬᠦᠴᠡᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠎ᠠ᠃       ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠲᠦᠷᠭᠡᠯᠡᠨ ᠬᠥᠭᠵᠢᠭᠦᠯᠦᠨ᠎ᠡ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠠᠮᠢ ᠠᠬᠤᠢ ᠶᠢ ᠪᠤᠢ ᠪᠣᠯᠭᠠᠨ᠎ᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠨᠣᠭᠤᠭᠠᠨ ᠪᠠᠷᠢᠯᠭ᠎ᠠ᠂ ᠨᠣᠭᠤᠭᠠᠨ ᠡᠨᠧᠷᠭᠢ᠂ ᠨᠣᠭᠤᠭᠠᠨ ᠵᠠᠮ ᠬᠠᠷᠢᠯᠴᠠᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ ᠪᠠ ᠪᠦᠭᠦ ᠲᠠᠯ᠎ᠠ ᠪᠠᠷ ᠠᠷᠪᠢᠯᠠᠨ ᠭᠠᠮᠨᠠᠬᠤ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠤᠰᠤ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠠᠷᠪᠢᠯᠠᠵᠤ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠥᠰᠥᠯ ᠢ ᠬᠦᠴᠦᠲᠡᠢ ᠪᠥᠭᠡᠳ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠬᠠᠶᠠᠭᠳᠠᠮᠠᠯ ᠪᠣᠳᠠᠰ ᠢ ᠤᠷᠴᠢᠯᠳᠤᠭᠤᠯᠤᠨ ᠠᠰᠢᠭᠯᠠᠬᠤ ᠶᠢ ᠴᠢᠩᠭᠠᠳᠬᠠᠵᠤ᠂ ᠳᠠᠬᠢᠯᠲᠠ ᠮᠠᠲ᠋ᠧᠷᠢᠶᠠᠯ ᠢ ᠬᠡᠷᠡᠭᠯᠡᠬᠦ ᠶᠢ ᠶᠡᠭᠡ ᠪᠠᠷ ᠳᠡᠯᠭᠡᠷᠡᠭᠦᠯᠵᠦ᠂ ᠣᠷᠴᠢᠯᠲᠤ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠨᠣᠭᠤᠭᠠᠨ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠠᠬᠢᠭᠤᠯᠤᠨ᠎ᠠ᠃       ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠲᠣᠬᠢᠲᠠᠢ ᠠᠬᠢᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠬᠤᠶᠠᠳᠤᠭᠠᠷ ᠪᠦᠯᠦᠭ ᠤᠨ ᠲᠤᠷᠰᠢᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠪᠦᠯᠦᠭ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢᠯᠡᠳᠪᠦᠷᠢ ᠶᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠬᠢᠵᠠᠭᠠᠷᠯᠠᠯ ᠤᠨ ᠳᠦᠷᠢᠮ ᠤᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠦᠷᠢᠳᠬᠡᠵᠦ ᠲᠣᠭᠠᠴᠠᠭ᠎ᠠ ᠬᠢᠬᠦ ᠠᠵᠢᠯ ᠢ ᠥᠷᠨᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠢᠯᠡᠳᠬᠡᠮᠵᠢ ᠲᠡᠮᠳᠡᠭ ᠤᠨ ᠭᠡᠷᠡᠴᠢᠯᠡᠯ ᠤᠨ ᠳᠦᠷᠢᠮ ᠢ ᠪᠠᠶᠢᠭᠤᠯᠵᠤ᠂ ᠨᠣᠭᠤᠭᠠᠨ ᠠᠷᠠᠯᠵᠢᠶᠠᠨ ᠤ ᠬᠤᠷᠢᠭ᠎ᠠ ᠰᠠᠭᠠᠳ ᠢ ᠢᠳᠡᠪᠬᠢᠲᠡᠢ ᠠᠷᠭᠠᠴᠠᠨ᠎ᠠ᠃ ᠡᠯᠡᠰᠦ᠂ ᠭᠤᠪᠢ᠂ ᠴᠥᠯ ᠭᠠᠵᠠᠷ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠲᠦᠷᠭᠡᠯᠡᠨ ᠪᠠᠶᠢᠭᠤᠯᠵᠤ᠂ ᠳᠠᠯᠠᠢ ᠳᠡᠭᠡᠷᠡᠬᠢ ᠰᠠᠯᠬᠢᠨ ᠴᠠᠭᠢᠯᠭᠠᠨ ᠢ ᠬᠥᠭᠵᠢᠭᠦᠯᠵᠦ᠂ ᠲᠤᠬᠠᠢ ᠶᠢᠨ ᠭᠠᠵᠠᠷ ᠲᠤᠨᠢ ᠪᠠᠭᠲᠠᠭᠠᠨ ᠰᠢᠩᠭᠡᠭᠡᠬᠦ ᠪᠠ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ᠃ ᠨᠡᠭᠦᠷᠡᠰᠦᠨ ᠴᠠᠭᠢᠯᠭᠠᠨ ᠢ ᠨᠡᠭᠦᠷᠡᠰᠦᠲᠥ᠋ᠷᠥᠭᠴᠢ ᠪᠠᠭᠠᠲᠠᠢ ᠪᠤᠯᠭᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠢ ᠥᠷᠨᠢᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠵᠦ᠂ ᠪᠦᠭᠦ ᠪᠥᠮᠪᠥᠷᠴᠡᠭ ᠤᠨ ᠣᠷᠴᠢᠨ ᠠᠬᠤᠢ ᠪᠠ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠤᠨ᠎ᠠ᠃       ︵ᠠᠷᠪᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠤᠨ᠂ ᠠᠷᠠᠳ ᠤᠯᠠᠨ ᠤ ᠠᠰᠢᠭ ᠭᠥᠷᠳᠡᠭᠰᠡᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃       ᠨᠡᠩ ᠶᠡᠭᠡ ᠡᠷᠴᠢᠮ ᠢᠶᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠨ᠎ᠡ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠡᠯᠡ ᠮᠥᠩᠭᠦ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠠᠵᠢᠯ ᠣᠯᠭᠤᠯᠲᠠ ᠶᠢᠨ ᠨᠥᠬᠦᠪᠦᠷᠢ ᠥᠭᠬᠦ ᠵᠡᠷᠭᠡ ᠲᠦᠷᠦ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠨ᠎ᠡ᠃ ᠭᠦᠳᠡᠯᠮᠦᠷᠢ ᠬᠤᠷᠠᠭᠰᠠᠨ ᠭᠡᠯᠪᠡᠷᠢ ᠶᠢᠨ ᠠᠵᠤ ᠦᠢᠯᠡᠰ ᠤᠨ ᠠᠵᠢᠯ ᠣᠯᠭᠤᠬᠤ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠲᠡᠮᠵᠢᠵᠦ᠂ ᠰᠢᠨ᠎ᠡ ᠮᠡᠷᠭᠡᠵᠢᠯ ᠤᠨ ᠬᠡᠷᠡᠭᠯᠡᠯᠲᠡ ᠪᠠ ᠠᠵᠢᠯ ᠤᠨ ᠪᠠᠶᠢᠷᠢ ᠶᠢᠨ ᠰᠣᠯᠢᠭᠳᠠᠯ ᠢ ᠰᠠᠶᠢᠲᠤᠷ ᠨᠢᠭᠡᠳᠦᠯᠲᠡᠢ ᠲᠥᠯᠥᠪᠯᠡᠨ᠂ ᠠᠵᠢᠯ ᠣᠯᠭᠤᠬᠤ ᠰᠢᠨ᠎ᠡ ᠲᠣᠭᠢᠶᠠᠯ ᠢ ᠡᠭᠦᠳᠦᠨ᠎ᠡ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠬᠴᠢᠳ ᠵᠡᠷᠭᠡ ᠵᠠᠯᠠᠭᠤᠴᠤᠳ ᠤᠨ ᠠᠵᠢᠯ ᠣᠯᠬᠤ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠵᠦ᠂ ᠴᠡᠷᠢᠭ ᠤᠨ ᠠᠯᠪᠠ ᠠᠴᠠ ᠪᠠᠭᠤᠭᠰᠠᠳ ᠢ ᠲᠥᠪᠬᠢᠨᠡᠭᠦᠯᠬᠦ ᠪᠠ ᠳᠡᠳᠡᠨ ᠳᠤ ᠠᠵᠢᠯ ᠣᠯᠭᠤᠬᠤ ᠦᠢᠯᠡᠴᠢᠯᠡᠭᠡ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠬᠥᠯᠥᠰᠦᠨ ᠠᠵᠢᠯᠴᠢᠨ ᠳᠤ ᠠᠵᠢᠯ ᠣᠯᠭᠤᠬᠤ ᠶᠢ ᠠᠬᠢᠭᠤᠯᠵᠤ᠂ ᠨᠠᠰᠤ ᠠᠬᠢᠭᠰᠠᠳ᠂ ᠵᠡᠮᠳᠡᠭᠴᠦᠳ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ ᠵᠡᠷᠭᠡ ᠠᠵᠢᠯ ᠣᠯᠬᠤ ᠳᠤ ᠬᠦᠴᠢᠷᠳᠡᠯ ᠲᠠᠢ ᠬᠠᠮᠲᠤᠯᠢᠭ ᠢ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠠᠮᠢᠳᠤᠯᠢᠭ ᠢᠶᠠᠷ ᠠᠵᠢᠯ ᠣᠯᠣᠭᠰᠠᠨ ᠪᠠ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠬᠥᠨᠥᠭᠡᠯ ᠤᠨ ᠲᠤᠬᠠᠢ ᠪᠠᠲᠤᠯᠠᠭ᠎ᠠ ᠶᠢᠨ ᠲᠤᠷᠰᠢᠯᠲᠠ ᠶᠢ ᠥᠷᠭᠡᠳᠬᠡᠬᠦ ᠶᠢ ᠠᠬᠢᠭᠤᠯᠤᠨ᠎ᠠ᠃ ᠬᠥᠳᠡᠯᠮᠦᠷᠢᠴᠢᠳ ᠤᠨ ᠴᠠᠯᠢᠩ ᠢ ᠥᠭᠬᠦ ᠶᠢ ᠦᠨᠡᠨ ᠬᠦ ᠪᠠᠲᠤᠯᠠᠵᠤ᠂ ᠴᠠᠯᠢᠩ ᠢ ᠬᠤᠶᠢᠰᠢᠯᠠᠭᠤᠯᠤᠨ ᠥᠷᠢᠲᠦᠭᠰᠡᠨ ᠢ ᠢᠯᠭᠠᠷᠠᠭᠤᠯᠤᠨ ᠴᠡᠭᠴᠡᠯᠡᠵᠦ᠂ ᠠᠵᠢᠯ ᠣᠯᠭᠤᠯᠲᠠ ᠶᠢᠨ ᠡᠯ᠎ᠡ ᠲᠦᠷᠦᠯ ᠤᠨ ᠭᠠᠳᠠᠭᠤᠷᠴᠢᠯᠠᠯ ᠢ ᠡᠷᠡᠰ ᠵᠠᠯᠠᠷᠠᠭᠤᠯᠤᠨ᠎ᠠ᠃ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ ᠤᠨ ᠲᠤᠲᠠᠭᠳᠠᠵᠤ ᠪᠠᠶᠢᠭ᠎ᠠ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠤᠷ᠎ᠠ ᠴᠢᠳᠠᠪᠤᠷᠢ ᠪᠠᠷ ᠤᠳᠤᠷᠢᠳᠤᠮᠵᠢ ᠪᠤᠯᠭᠠᠬᠰᠠᠨ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠳᠦᠷᠢᠮ ᠢ ᠲᠦᠷᠭᠡᠯᠡᠨ ᠪᠠᠶᠢᠭᠤᠯᠵᠤ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠦᠨ᠂ ᠢᠯᠡᠭᠦᠦ ᠬᠥᠳᠡᠯᠮᠦᠷᠢᠯᠡᠭᠰᠡᠳ ᠨᠢ ᠢᠯᠡᠭᠦᠦ ᠣᠯᠬᠤ᠂ ᠮᠡᠷᠭᠡᠵᠢᠯ ᠰᠠᠶᠢᠨ ᠨᠢ ᠢᠯᠡᠭᠦᠦ ᠣᠯᠬᠤ᠂ ᠰᠢᠨ᠎ᠡ ᠶᠢ ᠡᠭᠦᠳᠦᠭᠰᠡᠳ ᠨᠢ ᠢᠯᠡᠭᠦᠦ ᠣᠯᠬᠤ ᠪᠣᠯᠭᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ