ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠮᠨᠡᠯᠭᠡ᠂ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ | ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠤᠯᠭᠠᠬᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ ᠪᠠᠷ ᠭᠤᠣᠯ | ᠤᠳᠤᠷᠢᠳᠤᠮᠵᠢ ᠪᠤᠯᠭᠠᠬᠰᠠᠨ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠵᠤ᠂ ᠴᠠᠯᠢᠩ ᠬᠥᠯᠥᠰᠦ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ | ᠪᠦᠲᠦᠮᠵᠢ ᠶᠢᠨ ᠬᠢᠨᠠᠨ ᠰᠢᠯᠭᠠᠯᠲᠠ ᠶᠢ ᠰᠢᠯᠢᠳᠡᠭᠵᠢᠭᠦᠯᠦᠨ᠎ᠡ᠃ ᠡᠪᠡᠳᠴᠢᠲᠡᠨ ᠤ ᠥᠷᠥᠭᠡ ᠪᠠ ᠣᠨᠣᠰᠢᠯᠠᠨ ᠡᠮᠴᠢᠯᠡᠬᠦ ᠨᠥᠬᠦᠴᠡᠯ ᠢ ᠰᠠᠶᠢᠵᠢᠷᠠᠭᠤᠯᠵᠤ᠂ | ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ | ᠬᠡᠪᠴᠢᠶ᠎ᠡ ᠶᠢ ᠥᠷᠭᠡᠳᠬᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ | ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠰᠤᠪᠢᠯᠠᠯᠲᠠ᠂ ᠬᠡᠦᠬᠡᠳ ᠤᠨ ᠰᠠᠯᠠᠭ᠎ᠠ᠂ ᠡᠪᠡᠳᠴᠢᠨ ᠤ ᠵᠦᠢ᠂ ᠶᠡᠷᠦᠩᠬᠡᠢ ᠰᠠᠯᠠᠭ᠎ᠠ᠂ | ᠨᠠᠰᠤᠲᠠᠶᠢᠴᠤᠳ ᠤᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶᠣᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠠᠷᠠᠳ ᠣᠯᠠᠨ ᠢ ᠨᠠᠩ ᠰᠠᠨᠠᠭ᠎ᠠ | ᠠᠮᠤᠷ ᠡᠮ ᠬᠡᠷᠡᠭᠯᠡᠬᠦ ᠪᠣᠯᠭᠠᠨ᠎ᠠ᠃ ᠡᠮ ᠤᠨ ᠵᠦᠢᠯ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠦᠭᠰᠡᠨ ᠡᠮ ᠤᠨ | ᠭᠠᠷᠴᠠᠭ ᠢ ᠲᠣᠭᠲᠠᠭᠠᠨ᠂ ᠰᠢᠨ᠎ᠡ ᠶᠢ ᠡᠭᠦᠳᠦᠭᠰᠡᠨ ᠡᠮ ᠪᠠ ᠡᠮᠴᠢᠯᠡᠭᠡᠨ ᠤ ᠲᠤᠨᠤᠭ ᠲᠥᠬᠦᠭᠡᠷᠦᠮᠵᠢ ᠶᠢᠨ ᠬᠥᠭᠵᠢᠯᠲᠡ ᠶᠢ ᠳᠡᠮᠵᠢᠨ᠎ᠡ᠃ ᠬᠢᠲᠠᠳ ᠡᠮ ᠡᠮᠨᠡᠯᠭᠡ ᠶᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ ᠦᠢᠯᠡᠰ ᠪᠠ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ | ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠰ ᠲᠤᠰ ᠲᠠᠭᠢᠭᠠᠳ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠦᠨ᠎ᠡ᠃ ᠦᠨᠳᠦᠰᠦᠨ | ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ ᠢᠶᠠᠷ ᠠᠬᠢᠭᠤᠯᠵᠤ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ | ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠨᠡᠯᠭᠡ ᠶᠢᠨ ᠳᠠᠭᠠᠳᠬᠠᠯ ᠤᠨ ᠵᠣᠭᠤᠰ ᠲᠥᠯᠥᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠤᠨ᠎ᠠ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ | ᠥᠭᠰᠥᠭᠦᠯᠦᠨ ᠨᠡᠬᠡᠮᠵᠢᠯᠡᠬᠦ ᠲᠣᠭᠲᠠᠴᠠ ᠶᠢ ᠪᠦᠭᠦ ᠲᠠᠯ᠎ᠠ ᠪᠠᠷ ᠪᠠᠶᠢᠭᠤᠯᠵᠤ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠳᠠᠯᠠᠵᠤ᠂ ᠮᠥᠩᠭᠦ ᠨᠢᠭᠡ ᠪᠦᠷᠢ ᠶᠢ ᠴᠥᠮ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠭᠦᠯᠬᠦ ᠳᠤ ᠬᠡᠷᠡᠭᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠳᠠᠭᠢᠭᠠᠳ 20 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠳᠡᠭᠡᠭᠰᠢᠯᠡᠭᠦᠯᠦᠨ᠎ᠡ᠃ ᠭᠤᠷᠪᠠᠳᠤᠭᠠᠷ ᠲᠤᠯᠭᠠᠭᠤᠷᠢᠯᠠᠯ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠦᠷᠭᠡᠯᠡᠨ ᠬᠥᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠰᠠᠶᠢᠲᠤᠷ | ᠬᠡᠷᠡᠭᠵᠢᠭᠦᠯᠦᠨ᠎ᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ | ᠠᠵᠤ ᠦᠢᠯᠡᠰ ᠢ ᠬᠥᠭᠵᠢᠭᠦᠯᠬᠦ ᠲᠦᠷᠦ ᠶᠢᠨ ᠪᠣᠳᠣᠯᠭ᠎ᠠ ᠲᠣᠭᠲᠠᠴᠠ ᠶᠢ ᠲᠡᠭᠦᠯᠳᠡᠷᠵᠢᠭᠦᠯᠵᠦ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ | ᠣᠶᠤᠨᠴᠢ ᠨᠠᠰᠤᠵᠢᠯ ᠤᠨ ᠠᠰᠠᠷᠠᠮᠵᠢ ᠶᠢ ᠲᠦᠷᠭᠡᠨ ᠬᠥᠭᠵᠢᠭᠦᠯᠦᠨ᠎ᠡ᠃ ᠨᠡᠶᠢᠭᠡᠮ ᠲᠣᠭᠤᠷᠢᠭ ᠠᠴᠠ ᠳᠡᠮᠵᠢᠬᠦ ᠨᠠᠰᠤᠲᠠᠶᠢᠴᠤᠳ ᠢ ᠭᠡᠷ ᠲᠤᠨᠢ ᠠᠰᠠᠷᠠᠬᠤ | ᠦᠢᠯᠡᠴᠢᠯᠡᠭᠡ ᠶᠢ ᠠᠬᠢᠭᠤᠯᠵᠤ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠶᠢ ᠴᠢᠩᠭᠠᠳᠬᠠᠵᠤ᠂ | ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠬᠤᠳᠠᠯᠳᠤᠨ ᠠᠪᠬᠤ ᠪᠠ | ᠲᠦᠷᠢᠶᠡᠰᠦᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠭᠡᠳᠬᠡᠵᠦ᠂ | ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ ᠤᠷᠲᠤ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠳᠦᠷᠢᠮ ᠢ ᠲᠦᠷᠭᠡᠯᠡᠨ ᠪᠠᠶᠢᠭᠤᠯᠤᠨ᠎ᠠ᠃ ᠦᠷᠡᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠡᠦᠬᠡᠳ ᠪᠤᠶᠢᠵᠢᠭᠤᠯᠬᠤ | ᠨᠥᠬᠦᠪᠦᠷᠢ ᠣᠯᠭᠤᠵᠤ᠂ ᠬᠡᠦᠬᠡᠳ ᠰᠠᠭᠠᠲᠠᠭᠤᠯᠬᠤ ᠭᠠᠵᠠᠷ ᠪᠠ ᠬᠡᠦᠬᠡᠳ ᠤᠨ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠶᠡᠭᠡ ᠪᠠᠷ | ᠬᠥᠭᠵᠢᠭᠦᠯᠦᠨ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠲᠣᠬᠢᠲᠠᠢ ᠬᠡᠷᠡᠭᠵᠢᠭᠦᠯᠦᠨ᠎ᠡ᠃ | ᠴᠡᠷᠢᠭ ᠤᠨ ᠬᠥᠮᠥᠨ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠤᠨ ᠬᠠᠷᠠᠭᠠᠯᠵᠠᠯ | ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ ᠬᠡᠦᠬᠡᠳ ᠪᠠ ᠭᠡᠷ ᠢᠶᠠᠨ ᠰᠠᠬᠢᠵᠤ ᠬᠤᠴᠣᠷᠤᠭᠰᠠᠨ | ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ | ᠦᠢᠯᠡᠴᠢᠯᠡᠭᠡ ᠶᠢ ᠰᠠᠶᠢᠲᠤᠷ ᠬᠢᠵᠦ᠂ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠤᠨ᠎ᠠ᠃ | ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠪᠠᠶᠢᠩᠭᠤ ᠶᠢᠨ ᠴᠢᠨᠠᠷᠲᠠᠢ ᠪᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ | ᠴᠢᠩᠭᠠᠳᠬᠠᠵᠤ᠂ ᠱᠠᠲᠤ ᠬᠤᠪᠢᠶᠠᠵᠤ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠲᠠ ᠪᠠ ᠠᠷᠠᠳ | ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ | ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ ᠳᠠᠩᠰᠠ ᠡᠪᠬᠡᠮᠡᠯ ᠵᠡᠷᠭᠡ ᠶᠢᠨ ᠦᠢᠯᠡᠰ ᠢ ᠬᠥᠭᠵᠢᠭᠦᠯᠵᠦ᠂ ᠤᠶᠤᠨ ᠤ ᠬᠥᠮᠥᠷᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠨᠠᠰᠤᠨ ᠳᠤ ᠦᠯᠦ ᠭᠦᠷᠦᠭᠰᠡᠳ ᠤᠨ | ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠰᠦᠯᠵᠢᠶᠡᠨ ᠤ ᠠᠮᠢ ᠠᠬᠤᠢ ᠶᠢᠨ ᠵᠠᠰᠠᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠢᠳᠡᠪᠬᠢᠲᠡᠢ ᠪᠥᠭᠡᠳ ᠡᠷᠡᠭᠦᠯ ᠰᠠᠷᠠᠭᠤᠯ ᠰᠦᠯᠵᠢᠶᠡᠨ ᠤ ᠰᠣᠶᠣᠯ ᠢ ᠬᠥᠭᠵᠢᠭᠦᠯᠵᠦ᠂ ᠰᠢᠨ᠎ᠡ | ᠴᠠᠭ ᠦᠶ᠎ᠡ ᠶᠢᠨ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠠᠬᠢᠭᠤᠯᠤᠨ᠎ᠠ᠃ ᠰᠣᠶᠣᠯ ᠤᠨ | ᠠᠵᠤ ᠦᠢᠯᠡᠰ ᠤᠨ ᠰᠢᠰᠲ᠋ᠧᠮ ᠪᠠ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠭᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ | ᠲᠦᠷᠭᠡᠯᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠦᠨ᠎ᠡ᠃ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ | ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠪᠠ ᠬᠠᠭᠤᠴᠢ ᠰᠤᠳᠤᠯᠤᠯ ᠤᠨ ᠰᠤᠳᠤᠯᠭᠠᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠤᠯᠤᠰ ᠤᠨ ᠬᠥᠮᠥᠨ ᠨᠡᠶᠢᠭᠡᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠤᠯᠠᠨ ᠤᠯᠤᠰ ᠲᠤ | ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ | ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠪᠡᠶ᠎ᠡ ᠶᠢᠨ | ᠲᠠᠮᠢᠷ ᠤᠨ ᠴᠤᠭᠯᠠᠭᠠᠨ ᠪᠠ ᠠᠷᠪᠠᠨ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠨ᠎ᠠ᠃ ᠮᠥᠰᠥ ᠴᠠᠰᠤᠨ | ᠳᠡᠭᠡᠷᠡᠬᠢ ᠬᠥᠳᠡᠯᠭᠡᠭᠡᠨ ᠪᠠ ᠮᠥᠰᠥ ᠴᠠᠰᠤᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠦᠨ᠎ᠡ᠃ ᠣᠯᠠᠨ ᠲᠦᠮᠡᠨ ᠤ ᠳᠡᠷᠭᠡᠳᠡᠬᠢ ᠬᠥᠳᠡᠯᠭᠡᠭᠡᠨ ᠤ ᠲᠠᠯᠠᠪᠤᠷ ᠭᠠᠵᠠᠷ | ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠨᠡᠶᠢᠳᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠦᠨ᠎ᠡ᠃ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ | ᠲᠦᠭᠡᠮᠡᠯᠵᠢᠭᠦᠯᠬᠦ ᠪᠠ ᠡᠷᠡᠭᠦᠯ ᠮᠠᠡᠳᠥ ᠶᠢᠨ ᠪᠠᠶᠢᠳᠠᠯ ᠳᠤ ᠭᠠᠷ ᠲᠦᠷᠦᠭᠦ ᠶᠢ ᠴᠢᠩᠭᠠᠳᠬᠠᠵᠤ᠂ ᠵᠠᠯᠠᠭᠤ ᠨᠢᠭᠡ ᠦᠶ᠎ᠡ ᠶᠢᠨ ᠬᠢᠨ ᠢ ᠬᠥᠳᠡᠯᠭᠡᠭᠡᠨ ᠤ ᠳᠤᠮᠳᠠ | ᠵᠣᠷᠢᠭ ᠢ ᠨᠢ ᠴᠢᠩᠭᠠᠷᠠᠭᠤᠯᠤᠨ ᠪᠡᠶ᠎ᠡ ᠶᠢ ᠨᠢ ᠴᠢᠭᠢᠷᠠᠭᠵᠢᠭᠤᠯᠵᠤ ᠰᠡᠳᠬᠢᠯ ᠢ ᠨᠢ ᠰᠠᠷᠠᠭᠤᠯᠵᠢᠭᠤᠯᠤᠨ᠎ᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ | ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠠ ᠬᠦᠴᠦᠨ ᠢ ᠴᠢᠩᠭᠠᠳᠬᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠬᠡ | ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ | ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠳᠡᠯ | ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠵᠦᠢᠯ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ | ᠰᠤᠷᠤᠬᠴᠢᠳ ᠤᠨ ᠬᠤᠭᠤᠯᠠ᠂ ᠲᠠᠪᠴᠠᠩ ᠤᠨ ᠵᠠᠬᠢᠶᠠᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠴᠠᠭ ᠠᠭᠤᠷ ᠤᠨ | ᠦᠢᠯᠡᠴᠢᠯᠡᠭᠡ ᠶᠢ ᠴᠢᠩᠭᠠᠳᠬᠠᠨ᠎ᠠ᠃ ᠦᠶᠡᠷ ᠤᠰᠤᠲᠤᠯ᠂ ᠭᠠᠩ ᠬᠠᠭᠰᠠᠷᠠᠭᠠᠨ᠂ ᠲᠠᠶᠢᠹᠧᠩ ᠰᠠᠯᠬᠢ᠂ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ | ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠠᠵᠢᠯ ᠢ ᠰᠠᠶᠢᠲᠤᠷ ᠬᠢᠨ᠎ᠡ᠃ ᠲᠥᠪᠡᠳ ᠤᠨ | ᠲᠢᠩᠷᠢ ᠰᠢᠶᠠᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ | ᠭᠠᠵᠠᠷ ᠣᠷᠣᠨ ᠤ ᠭᠡᠷ ᠪᠠᠶᠢᠰᠢᠩ᠂ ᠰᠠᠭᠤᠷᠢ ᠲᠥᠬᠦᠭᠡᠷᠦᠮᠵᠢ ᠶᠢᠨ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠦᠢᠯᠡᠴᠢᠯᠡᠭᠡ ᠬᠠᠮᠢᠶᠠᠷᠤᠯᠲᠠ ᠶᠢᠨ | ᠬᠦᠴᠦᠨ ᠢ ᠴᠢᠩᠭᠠᠳᠬᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ | ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠠᠵᠢᠯ | ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ | ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠵᠥᠷᠢᠴᠡᠯ ᠪᠠ ᠠᠶᠤᠯ ᠲᠦᠭᠰᠢᠭᠦᠷᠢ | ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠨ᠂ | ᠴᠤᠬᠤᠶᠢᠯᠳᠡ ᠶᠢᠨ ᠪᠠᠶᠢᠳᠠᠯ ᠳᠤᠨᠢ ᠠᠷᠢᠯᠭᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠭᠦᠷᠳᠡᠭᠦ᠋ᠢᠴᠡ | ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ ᠲᠣᠭᠲᠠᠴᠠ ᠶᠢ | ᠪᠦᠷᠢᠨᠰᠢᠭᠦᠯᠵᠦ᠂ ᠪᠡᠶ᠎ᠡ ᠪᠠᠨ ᠭᠦᠨᠳᠦᠳᠭᠡᠵᠦ ᠪᠡᠶ᠎ᠡ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢ ᠥᠭᠡᠳᠡᠷᠬᠡᠭ ᠨᠡᠶᠢᠭᠡᠮ ᠨᠡᠶᠢᠳᠡ ᠶᠢᠨ ᠰᠠᠨᠠᠭ᠎ᠠ ᠰᠡᠳᠬᠢᠯ ᠤᠨ | ᠪᠠᠶᠢᠳᠠᠯ ᠢ ᠪᠤᠶᠢᠵᠢᠭᠤᠯᠤᠨ᠎ᠠ᠃ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠠᠮᠤᠷ | ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠬᠠᠷᠭᠢᠰ ᠬᠦᠴᠦᠨ᠂ ᠴᠠᠭᠢᠯᠭᠠᠨ ᠬᠤᠯᠪᠤᠭ᠎ᠠ | ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ | ᠵᠢᠮᠤᠷ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃ |